题名 |
ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠬᠢᠭᠡᠳ ᠣᠷᠤᠰᠢᠵᠤ ᠪᠠᠢᠭ᠎ᠠ ᠠᠰᠠᠭᠤᠳᠠᠯ ᠤᠨ ᠲᠤᠬᠠᠢ — ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ ᠪᠤᠳᠠᠲᠤ ᠪᠠᠢᠳᠠᠯ ᠢᠶᠠᠷ ᠵᠢᠱᠢᠶᠡᠯᠡᠬᠦ ᠨᠢ |
作者 |
ᠮᠦᠩᠭᠦᠨᠲᠤᠶᠠᠭ᠎ᠠ |
关键词 |
ᠬᠠᠭᠠᠰ ᠲᠠᠷᠢᠶᠠᠯᠠᠬᠤ ᠬᠠᠭᠠᠰ ᠮᠠᠯᠵᠢᠬᠤ; ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ; ᠠᠮᠢ ᠠᠬᠤᠢ |
摘要 |
ᠲᠠᠯ᠎ᠠ ᠨᠤᠲᠤᠭ ᠤᠨ ᠡᠬᠢ ᠪᠠᠶᠠᠯᠢᠭ ᠪᠤᠯ ᠮᠠᠨ ᠤ ᠤᠯᠤᠰ ᠤᠨ ᠡᠬᠡ ᠬᠠᠭᠤᠷᠠᠢ ᠳᠡᠭᠡᠷᠡᠬᠢ ᠲᠠᠯᠠᠪᠠᠢ ᠪᠠᠷ ᠬᠠᠮᠤᠭ ᠤᠨ ᠶᠡᠬᠡ ᠠᠮᠢ ᠠᠬᠤᠢ ᠶᠢᠨ ᠰᠢᠰᠲ᠋ᠧᠮ ᠪᠠᠢᠵᠤ᠂ ᠮᠠᠯᠵᠢᠬᠤ ᠦᠢᠯᠡᠰ ᠢ ᠬᠦᠭᠵᠢᠭᠦᠯᠬᠦ᠂ ᠠᠮᠢ ᠠᠬᠤᠢ ᠶᠢᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠤᠰᠤ ᠬᠦᠷᠦᠰᠦ ᠶᠢ ᠬᠠᠮᠠᠭᠠᠯᠠᠬᠤ ᠪᠠ ᠠᠮᠢ ᠠᠬᠤᠢ ᠶᠢᠨ ᠲᠡᠩᠴᠡᠭᠦᠷᠢ ᠶᠢ ᠬᠠᠮᠠᠭᠠᠯᠠᠬᠤ ᠳᠤ ᠨᠡᠯᠢᠶᠡᠳ ᠶᠡᠬᠡ ᠦᠢᠯᠡᠳᠦᠯ ᠪᠡ ᠦᠷᠲᠡᠭ ᠲᠡᠢ ᠪᠠᠢᠳᠠᠭ᠃ ᠭᠡᠪᠡᠴᠦ ᠤᠷᠲᠤ ᠬᠤᠭᠤᠴᠠᠭᠠᠨ ᠤ ᠲᠤᠷᠰᠢ᠂ ᠬᠦᠮᠦᠨ ᠠᠮᠠ ᠶᠢᠨ ᠬᠡᠳᠦ ᠦᠰᠦᠯᠲᠡ᠂ ᠵᠢᠯ ᠳᠠᠷᠠᠭᠠᠯᠠᠭᠰᠠᠨ ᠭᠠᠩ ᠭᠠᠮᠰᠢᠭ᠂ ᠪᠡᠯᠴᠢᠭᠡᠷ ᠦᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠪᠠ ᠶᠡᠬᠡ ᠬᠡᠮᠵᠢᠶ᠎ᠡ ᠪᠡᠷ ᠠᠲᠠᠷ ᠬᠠᠭᠠᠯᠪᠤᠷᠢᠯᠠᠬᠤ᠂ ᠠᠭᠤᠷᠬᠠᠢ ᠮᠠᠯᠲᠠᠬᠤ᠂ ᠬᠡᠭᠡᠷ᠎ᠡ ᠶᠢᠨ ᠠᠮᠢᠲᠠᠨ ᠢ ᠤᠰᠠᠳᠬᠠᠭᠰᠠᠨ ᠠᠴᠠ ᠪᠤᠯᠵᠤ ᠠᠮᠢ ᠠᠬᠤᠢ ᠡᠪᠳᠡᠭᠳᠡᠨ ᠲᠠᠴᠢᠷᠳᠠᠵᠤ᠂ ᠮᠠᠯᠴᠢᠳ ᠤᠨ ᠠᠮᠢᠳᠤᠷᠠᠯ ᠳᠤ ᠰᠦᠷᠳᠡᠭᠦᠯᠦᠯ ᠤᠴᠠᠷᠠᠭᠤᠯᠤᠭᠰᠠᠨ ᠪᠠᠢᠨ᠎ᠠ᠃ ᠲᠤᠰ ᠦᠭᠦᠯᠡᠯ ᠳᠦ ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ 《ᠪᠡᠯᠴᠢᠭᠡᠷᠯᠡᠭᠦᠯᠬᠦ ᠶᠢ ᠵᠤᠭᠰᠤᠭᠠᠵᠤ᠂ ᠣᠢ ᠶᠢ ᠰᠡᠷᠭᠦᠬᠦ》 ᠢᠨᠵᠧᠨᠧᠷᠢᠩ ᠤᠨ 《ᠬᠠᠰᠢᠶᠠᠯᠠᠵᠤ ᠮᠠᠯᠵᠢᠬᠤ》 ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠪᠡᠷ ᠰᠤᠳᠤᠯᠭᠠᠨ ᠤ ᠡᠲᠡᠭᠡᠳ ᠪᠤᠯᠭᠠᠨ᠂ ᠪᠤᠳᠠᠲᠠᠢ ᠵᠠᠳᠠᠯᠤᠯᠲᠠ ᠬᠢᠵᠦ᠂ ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢ ᠲᠦᠩᠯᠢᠶᠤᠤ ᠬᠤᠲᠠ ᠶᠢᠨ ᠵᠠᠷᠤᠳ ᠬᠤᠰᠢᠭᠤᠨ ᠳᠤ ᠬᠡᠷᠡᠭᠵᠢᠭᠦᠯᠦᠭᠰᠡᠨ ᠦ ᠰᠢᠯᠲᠠᠭᠠᠨ᠂ ᠬᠡᠷᠡᠭᠵᠢᠭᠦᠯᠦᠯᠲᠡ ᠶᠢᠨ ᠳᠤᠮᠳᠠ ᠣᠷᠤᠰᠢᠵᠤ ᠪᠦᠬᠦᠢ ᠠᠰᠠᠭᠤᠳᠠᠯ ᠪᠠ ᠬᠠᠰᠢᠶᠠᠯᠠᠨ ᠮᠠᠯᠵᠢᠬᠤ ᠲᠦᠷᠦ ᠶᠢᠨ ᠪᠤᠳᠤᠯᠭ᠎ᠠ ᠶᠢ ᠬᠡᠷᠬᠢᠨ ᠲᠤᠤᠱᠲᠠᠢ ᠬᠡᠷᠡᠭᠵᠢᠭᠦᠯᠬᠦ ᠲᠤᠬᠠᠢ ᠦᠪᠡᠷ ᠦᠨ ᠦᠵᠡᠯ ᠰᠠᠨᠠᠭᠤᠯᠭ᠎ᠠ ᠪᠠᠨ ᠳᠤᠷᠠᠳᠤᠭᠰᠠᠨ ᠪᠠᠢᠨ᠎ᠠ᠃ |
原文 |
没有原文
|
出自 |
内蒙古师范大学学报(自然科学蒙古文版)
2012年
第3期
|