题名 |
ᠲᠤᠮᠳᠠᠳᠤ ᠵᠡᠷᠭᠡ ᠶᠢᠨ ᠪᠠᠭᠰᠢ ᠶᠢᠨ ᠰᠤᠷᠭᠠᠭᠤᠯᠢ ᠳᠤ ᠰᠤᠷᠭᠠᠨ ᠬᠦᠮᠦᠵᠢᠯ ᠤᠨ ᠤᠬᠠᠭᠠᠨ ᠤ ᠬᠢᠴᠢᠶᠡᠯ ᠢ ᠵᠢᠭᠠᠬᠤ ᠲᠣᠬᠠᠢ ᠵᠦᠪᠯᠡᠯᠭᠡ |
作者 |
ᠰᠣᠳᠤᠪᠢᠯᠢᠭ᠌ |
关键词 |
ᠲᠤᠮᠳᠠᠳᠤ ᠵᠡᠷᠭᠡ ;ᠪᠠᠭᠰᠢ ᠶᠢᠨ ᠰᠤᠷᠭᠠᠭᠤᠯᠢ ;ᠰᠤᠷᠭᠠᠨ ᠬᠦᠮᠦᠵᠢᠯ ᠤᠨ ᠤᠬᠠᠭᠠᠨ; ᠬᠢᠴᠢᠶᠡᠯ |
摘要 |
ᠲᠤᠮᠳᠠᠳᠤ ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠡᠭᠦᠷᠭᠡ ᠪᠣᠯ ᠨᠠᠮ ᠤᠨ ᠰᠤᠷᠭᠠᠨ ᠬᠦᠮᠦᠵᠢᠯ ᠤᠨ ᠦᠢᠯᠡᠰ ᠲᠤ ᠦᠨᠡᠨᠴᠢ ᠰᠢᠲᠤᠷᠭᠤ ᠨᠢᠭᠡᠨ ᠬᠢᠷᠢ ᠲᠡᠩᠴᠡᠭᠰᠡᠨ ᠪᠠᠭ᠎ᠠ ᠰᠤᠷᠭᠠᠭᠤᠯᠢ ᠶᠢᠨ ᠪᠠᠭᠰᠢ ᠵᠢ ᠬᠦᠮᠦᠵᠢᠬᠦᠯᠬᠦ ᠶᠠᠪᠤᠳᠠᠯ ᠪᠣᠯᠤᠨ᠎ᠠ᠃ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠪᠠᠯ ᠤᠯᠤᠰ ᠣᠷᠤᠨ ᠤ ᠰᠤᠷᠭᠠᠨ ᠬᠦᠮᠦᠵᠢᠯ ᠤᠨ ᠰᠠᠭᠤᠷᠢ ᠮᠦᠨ᠃ ᠲᠡᠷᠡᠨ ᠨᠢ ᠠᠷᠠᠳ ᠲᠦᠮᠡᠨ ᠤ ᠰᠣᠶᠣᠯ ᠰᠢᠨᠵᠢᠯᠡᠬᠦ ᠤᠬᠠᠭᠠᠨ ᠤ ᠬᠢᠷᠢ ᠬᠡᠮᠵᠢᠶ ᠠ ᠵᠢ ᠲᠡᠭᠡᠭᠰᠢᠯᠡᠬᠦᠯᠬᠦ᠂ ᠪᠦᠲᠦᠭᠡᠨ ᠪᠠᠢᠭᠤᠯᠬᠤ ᠤᠯᠠᠨ ᠴᠢᠳᠠᠪᠤᠷᠢᠲᠠᠨ ᠢ ᠬᠦᠮᠦᠵᠢᠬᠦᠯᠬᠦ᠂ ᠲᠦᠷᠪᠡᠨ ᠣᠳᠣᠬᠢᠴᠢᠯᠠᠯᠲᠠ ᠶᠢᠨ ᠪᠦᠲᠦᠭᠡᠨ ᠪᠠᠢᠭᠤᠯᠤᠯᠲᠠ ᠵᠢ ᠪᠡᠶᠡᠯᠡᠬᠦᠯᠬᠦ ᠵᠡᠷᠭᠡ ᠳ᠋ᠤ ᠲᠦᠢᠯ ᠤᠨ ᠴᠢᠬᠤᠯᠠ ᠪᠠᠢᠷᠢ ᠰᠠᠭᠤᠷᠢ ᠵᠢ ᠡᠵᠡᠯᠡᠬᠦ ᠶᠣᠮ᠃ ᠪᠡᠳᠡ ᠨᠠᠷ ᠪᠠᠭ᠎ᠠ ᠰᠤᠷᠭᠠᠭᠤᠯᠢ ᠵᠢ ᠰᠠᠢᠳᠤᠷ ᠡᠷᠬᠢᠯᠡᠶ ᠡ ᠭᠡᠪᠡᠯ ᠡᠷᠬᠡᠪᠰᠢ ᠰᠢᠯᠢᠳᠡᠭ ᠴᠢᠨᠠᠷᠲᠠᠢ ᠪᠠᠭ᠎ᠠ ᠰᠤᠷᠭᠠᠭᠤᠯᠢ ᠶᠢᠨ ᠪᠠᠭᠰᠢ ᠵᠢ ᠤᠷᠢᠳᠠᠪᠠᠷ ᠬᠦᠮᠦᠵᠢᠬᠦᠯᠬᠦ ᠬᠡᠷᠡᠭᠳᠡᠢ᠃ ᠡᠳᠡᠭᠡᠷ ᠪᠠᠭᠰᠢ ᠨᠢ ᠡᠷᠬᠡᠪᠰᠢ ᠨᠡᠯᠢᠶᠡᠳ ᠦᠷᠭᠡᠨ ᠲᠡᠯᠭᠡᠷ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠲᠠᠢ ᠪᠠᠢᠬᠤ ᠬᠡᠷᠡᠭᠳᠡᠢ; ᠰᠤᠷᠭᠠᠨ ᠬᠦᠮᠦᠵᠢᠯ ᠤᠨ ᠰᠢᠨᠵᠢᠡᠯᠬᠦ ᠤᠬᠠᠭᠠᠨ ᠢ ᠡᠵᠡᠮᠰᠢᠵᠦ᠂ ᠰᠤᠷᠭᠠᠨ ᠬᠦᠮᠦᠵᠢᠬᠦᠯᠬᠦ ᠵᠢᠮ ᠠ ᠬᠠᠤᠯᠢ ᠵᠢ ᠰᠠᠢᠲᠤᠷ ᠮᠡᠳᠡᠬᠦ ᠬᠡᠷᠡᠭᠲᠡᠢ; ᠡᠷᠬᠮ ᠨᠠᠨᠳᠢᠨ ᠵᠠᠩ ᠰᠤᠷᠲᠠᠯ ᠪᠠ ᠡᠷᠬᠢᠮ ᠲᠡᠭᠡᠳᠦ ᠤᠶᠤᠨ ᠰᠠᠨᠠᠭᠠᠨ ᠤ ᠮᠣᠷᠠᠯ ᠪᠠᠢᠬᠤ ᠭᠡᠷᠡᠭᠲᠡᠢ᠃ |
原文 |
没有原文
|
出自 |
内蒙古师范大学学报
1983年
第3期
|