论文信息


题名 ᠮᠣᠩᠭᠤᠯ ᠪᠠᠭᠠᠲᠤᠷᠯᠢᠭ ᠲᠤᠤᠯᠢ ᠶᠢᠨ ᠬᠢᠲᠠᠳ ᠣᠷᠴᠢᠭᠤᠯᠭ᠎ᠠ ᠳᠤ ᠠᠩᠬᠠᠷᠬᠤ ᠴᠢᠬᠤᠯᠠᠲᠠᠢ ᠰᠤᠶᠤᠯ ᠤᠨ ᠡᠯᠧᠮᠧᠨ᠋ᠲ
作者 ᠤᠶᠤᠨᠴᠢᠮᠡᠭ
关键词 ᠮᠣᠩᠭᠤᠯ ᠪᠠᠭᠠᠲᠤᠷᠯᠢᠭ ᠲᠤᠤᠯᠢ; ᠬᠢᠲᠠᠳ ᠣᠷᠴᠢᠭᠤᠯᠭ᠎ᠠ; ᠰᠤᠶᠤᠯ ᠤᠨ ᠡᠯᠧᠮᠧᠨ᠋ᠲ
摘要 ᠣᠷᠴᠢᠭᠤᠯᠭ᠎ᠠ ᠪᠤᠯ ᠮᠠᠰᠢ ᠴᠢᠬᠤᠯᠠ ᠬᠠᠷᠢᠯᠴᠠᠭᠠᠨ ᠤ ᠴᠢᠳᠠᠮᠵᠢ ᠪᠦᠬᠦᠢ ᠬᠡᠯᠡᠨ ᠦ ᠠᠵᠢᠯᠯᠠᠭ᠎ᠠ ᠮᠦᠨ᠃ ᠣᠷᠴᠢᠭᠤᠯᠭ᠎ᠠ ᠪᠠᠢᠭᠰᠠᠨ ᠠᠴᠠ ᠰᠠᠶᠢ ᠦᠨᠳᠦᠰᠦᠲᠡᠨ ᠨᠦᠬᠦᠳ ᠬᠤᠭᠤᠷᠤᠨᠳᠤ ᠪᠠᠨ ᠰᠤᠶᠤᠯ ᠢᠶᠠᠨ ᠰᠤᠯᠢᠯᠴᠠᠵᠤ ᠬᠠᠷᠢᠯᠴᠠᠨ ᠣᠢᠯᠠᠭᠠᠯᠴᠠᠵᠤ᠂ ᠬᠠᠷᠢᠯᠴᠠᠭ᠎ᠠ ᠶᠠᠪᠤᠯᠴᠠᠭ᠎ᠠ ᠨᠢᠭᠲᠠᠷᠠᠵᠤ ᠨᠡᠢᠭᠡᠮ ᠰᠤᠶᠤᠯ ᠤᠨ ᠬᠦᠭᠵᠢᠯᠲᠡ ᠳᠠᠪᠰᠢᠯᠲᠠ ᠶᠢ ᠠᠭᠢᠭᠤᠯᠤᠭᠰᠠᠨ ᠶᠤᠮ᠃ ᠮᠣᠩᠭᠤᠯ ᠪᠠᠭᠠᠲᠤᠷᠯᠢᠭ ᠲᠤᠤᠯᠢ ᠪᠤᠯ ᠮᠣᠩᠭᠤᠯ ᠦᠨᠳᠦᠰᠦᠲᠡᠨ ᠦ ᠰᠤᠩᠭᠤᠳᠠᠭ ᠤᠷᠠᠨ ᠵᠤᠬᠢᠶᠠᠯ ᠤᠨ ᠴᠢᠬᠤᠯᠠ ᠪᠦᠷᠢᠯᠳᠦᠭᠦᠨ ᠬᠡᠰᠡᠭ ᠪᠤᠯᠬᠤ ᠮᠦᠷᠲᠡᠭᠡᠨ ᠢᠯᠠᠩᠭᠤᠶ᠎ᠠ ᠮᠣᠩᠭᠤᠯ ᠦᠨᠳᠦᠰᠦᠲᠡᠨ ᠦ ᠡᠷᠲᠡᠨ ᠦ ᠰᠤᠶᠤᠯ ᠤᠨ ᠨᠠᠨᠳᠢᠨ ᠦᠪ ᠬᠦᠷᠦᠩᠭᠡ ᠪᠤᠯᠬᠤ ᠲᠤᠯᠠ ᠲᠡᠭᠦᠨ ᠳᠦ ᠦᠨᠳᠦᠰᠦᠲᠡᠨ ᠦ ᠦᠭᠡ ᠬᠡᠯᠡ᠂ ᠵᠠᠩ ᠠᠭᠠᠯᠢ᠂ ᠭᠤᠤ᠎ᠠ ᠮᠡᠳᠡᠷᠡᠮᠵᠢ᠂ ᠰᠢᠲᠦᠯᠭᠡ ᠪᠢᠰᠢᠷᠡᠯ ᠁ ᠵᠡᠷᠭᠡ ᠠᠯᠢ ᠣᠯᠠᠨ ᠰᠤᠶᠤᠯ ᠰᠡᠳᠬᠢᠴᠡ ᠶᠢᠨ ᠡᠯᠧᠮᠧᠨ᠋ᠲ ᠬᠠᠳᠠᠭᠠᠯᠠᠭᠳᠠᠭᠰᠠᠭᠠᠷ ᠢᠷᠡᠭᠰᠡᠨ ᠶᠤᠮ᠃ ᠲᠡᠢᠨ ᠬᠦ ᠮᠣᠩᠭᠤᠯ ᠪᠠᠭᠠᠲᠤᠷᠯᠢᠭ ᠲᠤᠤᠯᠢ ᠶᠢ ᠬᠢᠲᠠᠳ ᠢᠶᠠᠷ ᠣᠷᠴᠢᠭᠤᠯᠬᠤ ᠳᠤ ᠡᠷᠬᠡᠪᠰᠢ ᠲᠡᠭᠦᠨ ᠦ ᠤᠤᠯ ᠬᠡᠯᠡᠨ ᠦ ᠪᠡ ᠣᠷᠴᠢᠭᠤᠯᠬᠤ ᠬᠡᠯᠡᠨ ᠦ ᠰᠤᠶᠤᠯ ᠤᠨ ᠡᠯᠧᠮᠧᠨ᠋ᠲ ᠢ ᠬᠠᠷᠠᠭᠠᠯᠵᠠᠨ ᠠᠩᠬᠠᠷᠬᠤ ᠴᠢᠬᠤᠯᠠ ᠲᠠᠢ ᠪᠢᠯᠡ᠃ ᠦᠭᠦᠯᠡᠯ ᠳᠦ᠂ ᠡᠨᠡ ᠠᠰᠠᠭᠤᠳᠠᠯ ᠤᠨ ᠲᠤᠬᠠᠢ ᠪᠤᠳᠠᠲᠠᠢ ᠬᠡᠳᠦᠨ ᠵᠢᠱᠢᠶ ᠡ ᠪᠡᠷ ᠳᠦᠭᠦᠮ ᠵᠠᠳᠠᠯᠤᠨ ᠦᠭᠦᠯᠡᠰᠦᠭᠡᠢ᠃
原文 查看原文
出自 中国蒙古学 2015年 第5期

联系我们


内蒙古大学图书馆
呼和浩特市大学西路235号
中国·内蒙古
P: (0471) 4992561
E: huangfeilong@imu.edu.cn