摘要 |
ᠦᠭᠦᠯᠡᠯ ᠳᠦ ᠶᠠᠷᠢᠭᠳᠠᠵᠤ ᠪᠠᠢ᠌ᠭ᠎ᠠ ᠠᠶᠠᠯᠭᠤ ᠪᠤᠯ ᠭᠠᠨᠰᠤ ᠮᠤᠵᠢ ᠶᠢᠨ ᠵᠠᠩᠶᠧ ᠬᠤᠲᠠ ᠶᠢᠨ ᠰᠦᠨᠡᠨ ᠦ ᠶᠤᠭᠤᠷ ᠦᠨᠳᠦᠰᠦᠲᠡᠨ ᠦ ᠦᠪᠡᠷᠲᠡᠭᠡᠨ ᠵᠠᠰᠠᠬᠤ ᠰᠢᠶᠠᠨ ᠤ ᠪᠠᠶᠠᠨ ᠮᠣᠩ᠋ᠭᠤᠯ ᠦᠨᠳᠦᠰᠦᠲᠡᠨ ᠦ ᠰᠢᠶᠠᠩ ᠤᠨ ᠬᠤᠶᠠᠷ ᠲᠤᠰᠬᠤᠨ ᠪᠠ ᠫᠢᠩ ᠱᠠᠨ ᠬᠤ ᠮᠣᠩ᠋ᠭᠤᠯ ᠦᠨᠳᠦᠰᠦᠲᠡᠨ ᠦ ᠰᠢᠶᠠᠩ ᠤᠨ ᠤᠯᠠᠭᠠᠨᠪᠤᠯᠠᠭ ᠭᠠᠴᠠᠭᠠᠨ ᠤ ᠮᠣᠩ᠋ᠭᠤᠯ ᠬᠡᠯᠡ ᠠᠶᠠᠯᠭᠤ ᠶᠢ ᠵᠢᠭᠠᠵᠤ ᠪᠤᠢ᠃ ᠲᠡᠨᠳᠡᠬᠢ ᠮᠣᠩ᠋ᠭᠤᠯᠴᠤᠳ ᠤᠨ ᠶᠠᠷᠢᠯᠴᠠᠳᠠᠭ ᠬᠠᠯᠬ᠎ᠠ ᠠᠶᠠᠯᠭᠤ ᠨᠢ ᠦᠭᠡ ᠵᠦᠢ ᠶᠢᠨ ᠲᠠᠯ᠎ᠠ ᠪᠠᠷ ᠦᠪᠦᠷ ᠮᠣᠩ᠋ᠭᠤᠯ ᠤᠨ ᠡᠯ᠎ᠡ ᠨᠤᠲᠤᠭ ᠤᠨ ᠠᠶᠠᠯᠭᠤᠨ ᠠᠴᠠ ᠢᠯᠭᠠᠷᠠᠬᠤ ᠦᠪᠡᠷᠮᠢᠴᠡ ᠣᠨᠴᠠᠯᠢᠭ ᠲᠠᠢ ᠪᠠᠢ᠌ᠳᠠᠭ᠂ ᠳᠠᠷᠤᠢ ᠨᠡᠷ᠎ᠡ ᠦᠭᠡ ᠶᠢᠨ ᠲᠡᠢ᠌ᠨ ᠢᠯᠭᠠᠯ᠂ ᠬᠠᠮᠢᠶᠠᠳᠠᠭᠤᠯᠬᠤ ᠶᠤᠰᠤ᠂ ᠣᠯᠠᠨ ᠲᠤᠭᠠᠨ ᠤ ᠳᠠᠭᠠᠪᠤᠷᠢ ᠵᠡᠷᠭᠡ ᠬᠤᠪᠢᠯᠤᠯ ᠤᠨ ᠬᠡᠯᠪᠡᠢᠢ ᠪᠡ ᠦᠢᠯᠡ ᠦᠭᠡ ᠶᠢᠨ ᠬᠤᠪᠢᠯᠤᠯ ᠤᠨ ᠬᠡᠯᠪᠡᠷᠢ ᠶᠢᠨ ᠲᠠᠯ᠎ᠠ ᠪᠠᠷ ᠦᠪᠡᠷ ᠪᠤᠰᠤᠳ ᠠᠴᠠ ᠢᠯᠭᠠᠭᠳᠠᠵᠤ ᠪᠠᠢ᠌ᠬᠤ ᠣᠨᠴᠠᠯᠢᠭ ᠲᠠᠢ᠃ |