题名 |
ᠪᠠᠢ᠌ᠢᠭᠠᠯᠢ ᠶᠢᠨ ᠤᠷᠴᠢᠨ ᠤ ᠬᠠᠮᠠᠭᠠᠯᠠᠯᠳᠠ ᠶᠢᠨ ᠲᠦᠷᠪᠡᠨ ᠵᠦᠢᠯ ᠤᠨ ᠠᠵᠤ ᠠᠬᠤᠢ ᠶᠢᠨ ᠵᠠᠭᠪᠤᠷ ᠤᠨ ᠲᠤᠬᠠᠢ ᠵᠠᠳᠠᠯᠤᠯᠳᠠ |
作者 |
ᠳ᠋ᠤᠺᠲ᠋ᠤᠷ᠂ ᠲᠡᠳ᠋ ᠫᠷᠤᠹᠸᠰᠰᠤᠷ ᠾᠦᠩ ᠭᠤᠸᠠᠩ; ᠳ᠋ᠤᠺᠲ᠋ᠤᠷ ᠠᠯᠳᠠᠨᠴᠢᠮᠡᠭ; ᠰᠢᠶᠠ ᠯᠢ ᠴᠸᠩ |
关键词 |
ᠡᠷᠭᠢᠯᠳᠡ ᠶᠢᠨ ᠠᠵᠤ ᠠᠬᠤᠢ; ᠪᠤᠬᠢᠷᠳᠤᠯ ᠦᠭᠡᠢ ᠠᠵᠤ ᠠᠬᠤᠢ; ᠠᠮᠢ ᠠᠬᠤᠢ ᠶᠢᠨ ᠠᠵᠤ ᠠᠬᠤᠢ; ᠲᠤᠤᠷ᠎ᠠ ᠨᠡᠭᠦᠷᠡᠰᠦᠳᠦ᠋ᠷᠤᠭ᠍ᠴᠢᠳᠦ ᠠᠵᠤ ᠠᠬᠤᠢ |
摘要 |
ᠤᠢ᠌ᠷ᠎ᠠ ᠦᠶ᠎ᠡ ᠶᠢᠨ ᠤᠷᠴᠢᠨ ᠠᠬᠤᠢ ᠶᠢᠨ ᠬᠢᠮᠤᠷᠠᠯ᠂ ᠡᠬᠢ ᠪᠠᠶᠠᠯᠢᠭ ᠤ ᠬᠢᠮᠤᠷᠠᠯ ᠤᠨ ᠡᠭᠦᠰᠬᠦ ᠶᠢ ᠲᠠᠭᠠᠯᠳᠤᠨ ᠡᠷᠭᠢᠯᠳᠡ ᠶᠢᠨ ᠠᠵᠤ ᠠᠬᠤᠢ᠂ ᠪᠤᠬᠢᠷᠳᠤᠯ ᠦᠭᠡᠢ ᠠᠵᠤ ᠠᠬᠤᠢ᠂ ᠠᠮᠢ ᠠᠬᠤᠢ ᠶᠢᠨ ᠠᠵᠤ ᠠᠬᠤᠢ ᠪᠠ ᠲᠤᠤᠷ᠎ᠠ ᠨᠡᠭᠦᠷᠡᠰᠦᠳᠦ᠋ᠷᠦᠭ᠍ᠴᠢᠳᠦ ᠠᠵᠤ ᠠᠬᠤᠢ ᠵᠡᠷᠭᠡ ᠠᠵᠤ ᠠᠬᠤᠢ ᠶᠢᠨ ᠲᠦᠷᠦᠯ ᠵᠦᠢᠯ ᠪᠤᠢ ᠪᠤᠯᠤᠭᠰᠠᠨ ᠪᠠᠢ᠌ᠨ᠎ᠠ᠃ ᠡᠳᠡᠭᠡᠷ ᠠᠵᠤ ᠠᠬᠤᠢ ᠶᠢᠨ ᠲᠦᠷᠦᠯ ᠵᠦᠢᠯ ᠤᠳ ᠨᠢ ᠬᠦᠮᠦᠨ ᠲᠦᠷᠦᠯᠬᠢᠳᠡᠨ ᠤ ᠡᠮᠦᠨ᠎ᠡ ᠲᠤᠯᠭᠠᠷᠠᠵᠤ ᠪᠦᠬᠦᠢ ᠦᠷᠬᠦᠯᠵᠢᠯᠡᠬᠦᠢ ᠬᠦᠭ᠍ᠵᠢᠯᠳᠡ ᠶᠢᠨ ᠠᠰᠠᠭᠤᠳᠠᠯ ᠢ ᠰᠢᠢᠳᠪᠦᠷᠢᠯᠡᠬᠦ ᠰᠠᠨᠠᠭ᠎ᠠ ᠵᠤᠷᠢᠯᠭ᠎ᠠ ᠪᠡᠷ ᠵᠤᠷᠢᠯᠳᠠ ᠨᠢᠭᠡᠳᠠᠢ ᠪᠠᠢ᠌ᠵᠤ᠂ ᠠᠭᠤᠯᠭ᠎ᠠ ᠶᠢᠨ ᠬᠤᠪᠢ ᠳᠤ ᠲᠠᠪᠬᠤᠴᠠᠬᠤ ᠵᠦᠢᠯ ᠤᠳ ᠤᠷᠤᠰᠢᠳᠠᠭ ᠪᠤᠯᠬᠤᠷ ᠵᠠᠷᠢᠮ ᠲᠠᠯ᠎ᠠ ᠪᠡᠷ ᠠᠮᠠᠷᠬᠠᠨ ᠬᠤᠳᠬᠤᠯᠳᠤᠬᠤ ᠮᠠᠶᠢᠭ ᠲᠠᠢ ᠴᠤ ᠰᠤᠳᠤᠯᠭᠠᠨ ᠤ ᠴᠢᠭ᠍ᠯᠡᠯ᠂ ᠠᠷᠭ᠎ᠠ ᠵᠠᠮ ᠵᠢᠴᠢ ᠰᠤᠳᠤᠯᠭᠠᠨ ᠤ ᠦᠨᠳᠦᠰᠦᠨ ᠵᠦᠢᠯ ᠨᠢ ᠦᠭᠡᠷ᠎ᠡ ᠪᠠᠢ᠌ᠳᠠᠭ ᠶᠢᠡᠷ ᠢᠯᠭᠠᠭ᠎ᠠ ᠲᠠᠢ ᠪᠠᠢ᠌ᠳᠠᠭ᠃ ᠲᠡᠭᠡᠷᠡᠬᠢ ᠠᠵᠤ ᠠᠬᠤᠢ ᠶᠢᠨ ᠵᠠᠭᠪᠤᠷ ᠨᠢ ᠠᠵᠤ ᠠᠬᠤᠢ ᠶᠢᠨ ᠬᠡᠯᠪᠡᠷᠢ ᠶᠢᠨ ᠰᠢᠯᠵᠢᠯᠳᠡ ᠲᠠᠢ ᠪᠠᠢ᠌ᠵᠤ᠂ ᠲᠡᠭᠦᠨ ᠤ ᠪᠡᠶᠡᠯᠡᠭᠳᠡᠯ ᠳᠤ ᠵᠤᠬᠢᠬᠤ ᠨᠦᠭᠦᠴᠡᠯ ᠬᠡᠷᠡᠭᠳᠡᠢ ᠪᠠᠢ᠌ᠳᠠᠭ᠃ ᠲᠡᠭᠡᠷᠡᠬᠢ ᠠᠵᠤ ᠠᠬᠤᠢ ᠶᠢᠨ ᠵᠠᠭᠪᠤᠷ ᠨᠢ ᠠᠵᠤ ᠠᠬᠤᠢ ᠶᠢᠨ ᠬᠡᠯᠪᠡᠷᠢ ᠶᠢᠨ ᠰᠢᠯᠵᠢᠯᠳᠡ ᠲᠠᠢ ᠪᠠᠢ᠌ᠵᠤ᠂ ᠲᠡᠭᠦᠨ ᠤ ᠪᠡᠶᠡᠯᠡᠭᠳᠡᠯ ᠳᠤ ᠵᠤᠬᠢᠬᠤ ᠨᠦᠭᠦᠴᠡᠯ ᠬᠡᠷᠡᠭᠳᠡᠢ ᠪᠠᠢ᠌ᠳᠠᠭ᠃ ᠮᠠᠨ ᠤ ᠤᠯᠤᠰ ᠤᠨ ᠠᠵᠤ ᠠᠬᠤᠢ ᠶᠢᠨ ᠬᠦᠭ᠍ᠵᠢᠯᠳᠡ ᠶᠢᠨ ᠵᠠᠩᠭᠢᠯᠠᠭ᠎ᠠ ᠨᠢ ᠠᠵᠤ ᠠᠬᠤᠢ ᠶᠢᠨ ᠰᠢᠯᠵᠢᠯᠳᠡ ᠶᠢ ᠲᠦᠷᠭᠡᠳᠭᠡᠵᠦ᠂ ᠠᠵᠤ ᠠᠬᠤᠢ ᠶᠢᠨ ᠬᠦᠭ᠍ᠵᠢᠯᠳᠡ ᠶᠢᠨ ᠵᠢᠮ᠎ᠡ ᠶᠤᠰᠤ ᠪᠡᠷ ᠲᠤᠮᠳᠠᠳᠤ ᠶᠢᠨ ᠤᠨᠴᠠᠯᠢᠭ ᠪᠦᠬᠦᠢ ᠬᠦᠮᠦᠨ ᠪᠠᠢ᠌ᠭᠠᠯᠢ ᠶᠢᠨ ᠡᠢ᠎ᠡ ᠵᠤᠬᠢᠴᠠᠯ ᠲᠠᠢ ᠬᠦᠭ᠍ᠵᠢᠯᠳᠡ ᠶᠢᠨ ᠵᠠᠮ ᠵᠢᠴᠢ ᠡᠨ᠋ᠸᠷᠭᠢ ᠶᠢ ᠬᠠᠮᠤᠭ ᠤᠨ ᠶᠡᠬᠡ ᠬᠡᠪᠴᠢᠶᠡᠨ ᠳᠤ ᠭᠠᠮᠨᠠᠬᠤ ᠬᠦᠭ᠍ᠵᠢᠯᠳᠡ ᠶᠢᠨ ᠵᠠᠮ ᠢ ᠬᠠᠢ᠌ᠨ ᠰᠦᠪᠡᠭ᠍ᠴᠢᠯᠡᠬᠦ ᠶᠠᠪᠤᠳᠠᠯ ᠪᠤᠯᠤᠨ᠎ᠠ᠃ |
原文 |
查看原文
|
出自 |
内蒙古社会科学(蒙文版)
2015年
第4期
|