摘要 |
ᠲᠤᠰ ᠦᠭᠦᠯᠡᠯ ᠳ᠋ᠤ᠂ ᠵᠣᠬᠢᠶᠠᠭᠴᠢ ᠡᠴᠡ ᠮᠣᠩᠭᠤᠯ ᠬᠡᠯᠡ ᠪᠠ ᠠᠩᠯᠢ ᠬᠡᠯᠡᠨ ᠤ ᠦᠭᠦᠡ ᠪᠦᠲᠦᠭᠡᠬᠦ ᠶᠣᠰᠤᠨ ᠤ ᠲᠤᠬᠠᠢ ᠬᠠᠷᠢᠴᠠᠭᠤᠯᠤᠯ ᠳ᠋ᠤ ᠰᠠᠭᠤᠷᠢᠯᠠᠵᠤ᠂ ᠡᠩ ᠲᠡᠷᠢᠬᠦᠨ ᠳ᠋ᠤ ᠦᠭᠡ ᠶᠢᠨ ᠪᠦᠲᠦᠴᠡ ᠳ᠋ᠡᠬᠢ ᠬᠤᠯᠪᠤᠭᠳᠠᠯ ᠪᠦᠬᠦᠢ ᠨᠡᠷ ᠡ ᠲᠤᠮᠢᠶ ᠡ ᠨᠤᠭᠤᠳ ᠢ ᠬᠠᠷᠢᠴᠠᠭᠤᠯᠤᠨ ᠲᠠᠢᠯᠪᠤᠷᠢᠯᠠᠪᠠ᠃ ᠲᠠᠷᠠᠭ᠎ᠠ ᠨᠢ ᠮᠣᠩᠭᠤᠯ ᠬᠡᠯᠡ ᠪᠠ ᠠᠩᠯᠢ ᠬᠡᠯᠡᠨ ᠤ ᠭᠤᠤᠯ ᠪᠣᠯᠬᠤ ᠦᠭᠡ ᠪᠦᠲᠦᠭᠡᠭᠦ ᠠᠷᠭ᠎ᠠ ᠶᠢᠨ ᠲᠣᠬᠠᠢ ᠲᠤᠰ ᠲᠤᠰ ᠲᠤᠨᠢ ᠬᠠᠷᠢᠴᠠᠭᠤᠯᠤᠨ ᠦᠭᠦᠯᠡᠭᠰᠡᠨ ᠪᠠᠢᠨ᠎ᠠ᠃ᠲᠤᠬᠠᠢᠯᠠᠪᠠᠯ᠂ᠵᠠᠯᠭᠠᠪᠤᠷᠢ ᠨᠡᠮᠡᠵᠦ ᠦᠭᠡ ᠪᠦᠲᠦᠭᠡᠬᠦ ᠠᠷᠭ᠎ᠠ ᠪᠠ ᠦᠭᠡᠰ ᠤᠨ ᠠᠢᠮᠠᠭ ᠢ ᠬᠤᠪᠢᠷᠠᠭᠤᠯᠵᠤ ᠦᠭᠡ ᠪᠦᠲᠦᠭᠡᠬᠦ ᠠᠷᠭ᠎ᠠ ᠪᠣᠯᠤᠨ᠎ᠠ᠃ ᠡᠭᠦᠨ ᠳ᠋ᠤ᠂ ᠭᠤᠤᠯᠳᠠᠭᠤ ᠮᠣᠩᠭᠤᠯ ᠬᠡᠯᠡ ᠪᠠ ᠠᠩᠯᠢ ᠬᠡᠯᠡᠨ ᠤᠦᠭᠡ ᠪᠦᠲᠦᠭᠡᠬᠦ ᠠᠷᠭ᠎ᠠ᠂ ᠣᠨᠴᠠᠯᠢᠭ ᠵᠢᠴᠢ ᠪᠦᠲᠦᠴᠡ ᠶᠢᠨ ᠲᠠᠯ ᠠ ᠪᠡᠷ ᠬᠢ ᠠᠳᠠᠯᠢ ᠲᠠᠯ ᠠ ᠵᠢ ᠬᠠᠷᠢᠴᠠᠭᠤᠯᠤᠨ ᠦᠭᠦᠯᠡᠵᠡᠢ᠃ |