摘要 |
ᠲᠤᠰ ᠦᠭᠦᠯᠡᠯ ᠳᠦ ᠂ ᠰᠢᠨ᠎ᠡ ᠪᠡᠷ ᠣᠯᠳᠠᠭᠰᠠᠨ ᠮᠠᠲ᠋ᠧᠷᠢᠶᠠᠯ ᠳᠤ ᠰᠠᠭᠤᠷᠢᠯᠠᠵᠤ᠂ ᠦᠩᠭᠡᠷᠡᠭᠰᠡᠨ ᠳᠦ ᠬᠦᠮᠦᠰ ᠦᠨ ᠰᠤᠳᠤᠯᠭᠠᠨ ᠳᠤ ᠶᠡᠷᠦᠳᠡᠭᠡᠨ ᠠᠩ᠋ᠬᠠᠷᠤᠭᠳᠠᠭᠠ ᠦᠭᠡᠢ ᠣᠷᠴᠢᠨ ᠦᠶ᠎ᠡ ᠶᠢᠨ ᠵᠤᠬᠢᠶᠠᠯᠴᠢ ᠡᠷᠳᠡᠮᠲᠡᠭᠦᠰ ᠦᠨ ᠰᠢᠯᠦᠭ᠂ ᠦᠭᠦᠯᠡᠯᠭᠡ᠂ ᠨᠠᠢ᠌ᠷᠠᠭᠤᠯᠤᠯ ᠪᠠ ᠣᠷᠴᠢᠭᠤᠯᠭ᠎ᠠ ᠶᠢᠨ ᠵᠤᠬᠢᠶᠠᠯ ᠢ ᠪᠦᠬᠦ ᠲᠠᠯ᠎ᠠ ᠪᠠᠷ ᠵᠠᠳᠠᠯᠵᠤ᠂ ᠲᠡᠭᠦᠨ ᠦ ᠵᠤᠬᠢᠶᠠᠯ ᠤᠨ ᠦᠨᠳᠦᠰᠦᠨ ᠬᠦᠭ᠌ ᠠᠶᠠᠰ᠂ ᠦᠵᠡᠯ ᠰᠠᠨᠠᠭᠠᠨ ᠤ ᠴᠢᠭᠯᠡᠯ ᠵᠢᠴᠢ 1931 — 1945 ᠣᠨ ᠬᠦᠷᠲᠡᠯᠡᠬᠢ ᠠᠷᠪᠠᠨ ᠳᠦᠷᠪᠡᠨ ᠵᠢᠯ ᠦᠨ ᠤᠷᠠᠨ ᠵᠤᠬᠢᠶᠠᠯ ᠤᠨ ᠲᠡᠦᠬᠡᠨ ᠳᠡᠬᠢ ᠡᠵᠡᠯᠡᠬᠦ ᠪᠠᠢ᠌ᠷᠢ ᠰᠠᠭᠤᠷᠢ ᠶᠢ ᠣᠯᠭᠤᠨ ᠦᠭ᠍ᠬᠦ ᠪᠡᠷ ᠬᠢᠴᠢᠶᠡᠪᠡ᠃ ᠮᠦᠨᠴᠦ ᠡᠷᠳᠡᠮᠲᠡᠬᠦᠰ ᠦᠨ ᠵᠤᠬᠢᠶᠠᠯ ᠪᠦᠲᠦᠭᠡᠯ ᠦᠨ ᠠᠮᠵᠢᠯᠲᠠ ᠪᠦᠲᠦᠮᠵᠢ ᠶᠢ ᠨᠤᠲᠠᠯᠠᠬᠤ ᠶᠢᠨ ᠳᠠᠭᠠᠤ᠂ ᠭᠦᠢᠴᠡᠳ ᠪᠤᠰᠤ ᠲᠠᠯ᠎ᠠ ᠶᠢ ᠨᠢ ᠵᠢᠭᠠᠨ ᠲᠤᠳᠤᠷᠬᠠᠢ᠌ᠯᠠᠵᠤ᠂ ᠰᠤᠳᠤᠯᠭᠠᠨ ᠢ ᠨᠡᠩ ᠪᠦᠷᠢᠨ ᠪᠦᠲᠦᠨ ᠪᠤᠯᠭᠠᠪᠠ᠃ ᠡᠭᠦᠨ ᠦ ᠰᠠᠭᠤᠷᠢᠨ ᠳᠤ 1931 ᠣᠨ — 1945 ᠣᠨ ᠬᠦᠷᠲᠡᠯᠡᠬᠢ ᠠᠷᠪᠠᠨ ᠳᠦᠷᠪᠡᠨ ᠵᠢᠯ ᠦᠨ ᠤᠷᠠᠨ ᠵᠤᠬᠢᠶᠠᠯ ᠤᠨ ᠨᠡᠢ᠌ᠲᠡ ᠮᠣᠩᠭ᠋ᠤᠯ ᠦᠨᠳᠦᠰᠦᠲᠡᠨ ᠦ ᠤᠷᠠᠨ ᠵᠤᠬᠢᠶᠠᠯ ᠤᠨ ᠲᠡᠦᠬᠡᠨ ᠳᠦ ᠡᠵᠡᠯᠡᠬᠦ ᠪᠠᠢ᠌ᠷᠢ ᠰᠠᠭᠤᠷᠢ ᠶᠢ ᠬᠠᠢ᠌ᠨ ᠲᠤᠳᠤᠷᠬᠠᠢ᠌ᠯᠠᠪᠠ᠃ |