题名 |
ᠴᠢᠩ ᠤᠯᠤᠰ ᠤᠨ ᠰᠡᠭᠦᠯᠴᠢ ᠦᠶ᠎ᠡ ᠳᠡᠬᠢ ᠪᠢᠩᠳᠤ ᠸᠠᠩ ᠤᠨ ᠬᠤᠰᠢᠭᠤ ᠪᠤᠯᠤᠨ ᠠᠷᠤ ᠬᠤᠷᠴᠢᠨ ᠬᠤᠰᠢᠭᠤᠨ ᠤ ᠭᠠᠵᠠᠷ ᠨᠤᠲᠤᠭ ᠪᠤᠯᠢᠶᠠᠯᠳᠤᠭᠰᠠᠨ ᠵᠠᠷᠭᠤ ᠶᠢᠨ ᠲᠤᠬᠠᠢ |
作者 |
ᠨᠤᠭᠤᠨᠭᠡᠡᠯ |
关键词 |
ᠪᠢᠩᠳᠤ ᠸᠠᠩ ᠤᠨ ᠬᠤᠰᠢᠭᠤ; ᠠᠷᠤ ᠬᠤᠷᠴᠢᠨ ᠬᠤᠰᠢᠭᠤ; ᠨᠢᠮᠠᠨ ᠶᠡᠬᠡ ᠡᠷᠦᠬᠡ; ᠬᠤᠸᠠᠩ ᠹᠦ᠋ ᠺᠦᠢ |
摘要 |
ᠴᠢᠩ ᠤᠯᠤᠰ ᠤᠨ ᠰᠡᠭᠦᠯᠴᠢ ᠪᠠᠳᠠᠷᠠᠭᠤᠯᠲᠤ ᠲᠦᠷᠦ ᠶᠢᠨ ᠦᠶ᠎ᠡ ᠳᠦ ᠵᠠᠷᠢᠮ ᠤᠨ ᠴᠢᠭᠤᠯᠭᠠᠨ ᠤ ᠪᠢᠩᠳᠤ ᠸᠠᠩ ᠤᠨ ᠬᠤᠰᠢᠭᠤ ᠬᠢᠭᠡᠳ ᠵᠤᠤ ᠤᠳᠠ ᠶᠢᠨ ᠴᠢᠭᠤᠯᠭᠠᠨ ᠤ ᠠᠷᠤ ᠬᠤᠷᠴᠢᠨ ᠬᠤᠰᠢᠭᠤᠨ ᠤ ᠬᠤᠭᠤᠷᠤᠨᠳᠤ ᠡᠭᠦᠰᠦᠭᠰᠡᠨ ᠭᠠᠵᠠᠷ ᠨᠤᠲᠤᠭ ᠪᠤᠯᠢᠶᠠᠯᠳᠤᠭᠰᠠᠨ ᠵᠠᠷᠭᠤ ᠵᠠᠭᠠᠯᠳᠤᠯᠭ᠎ᠠ ᠨᠢ ᠵᠡᠭᠦᠨ ᠣᠷᠤᠨ ᠤ ᠵᠠᠰᠠᠭ ᠬᠤᠰᠢᠭᠤᠳ ᠤᠨ ᠬᠤᠭᠤᠷᠤᠨᠳᠤᠬᠢ ᠠᠯᠢ ᠣᠯᠠᠨ ᠭᠠᠵᠠᠷ ᠨᠤᠲᠤᠭ ᠪᠤᠯᠢᠶᠠᠯᠳᠤᠭᠰᠠᠨ ᠭᠡᠳᠡᠭ ᠶᠠᠪᠤᠳᠠᠯ ᠤᠨ ᠳᠤᠲᠤᠷᠠᠬᠢ ᠨᠢᠭᠡᠨ ᠨᠡᠯᠢᠶᠡᠳ ᠨᠡᠢ᠌ᠲᠡᠯᠢᠭ ᠴᠢᠨᠠᠷᠲᠠᠢ ᠵᠠᠷᠭᠤ ᠵᠠᠭᠠᠯᠳᠤᠯᠭ᠎ᠠ ᠪᠤᠯᠬᠤ ᠶᠤᠮ᠃ ᠲᠡᠷᠡ ᠨᠢ ᠯᠤᠳᠤ ᠶᠡᠬᠡ ᠬᠤᠪᠢᠰᠤᠯᠲᠠ ᠳᠤ ᠣᠷᠤᠰᠢᠵᠤ ᠪᠠᠢ᠌ᠭ᠎ᠠ ᠣᠷᠴᠢᠨ ᠦᠶ᠎ᠡ ᠶᠢᠨ ᠮᠣᠩ᠋ᠭᠤᠯ ᠤᠨ ᠨᠡᠢ᠌ᠭᠡᠮ ᠳᠦ ᠲᠤᠯᠭᠠᠷᠠᠭᠰᠠᠨ ᠤᠷᠢᠳ ᠡᠮᠦᠨ᠎ᠡ ᠭᠠᠷᠤᠭ᠎ᠠ ᠦᠭᠡᠢ ᠬᠢᠮᠦᠷᠡᠯ ᠢ ᠬᠠᠷᠠᠭᠤᠯᠤᠭᠰᠠᠨ ᠪᠠᠢ᠌ᠨ᠎ᠠ᠃ ᠦᠭᠦᠯᠡᠯ ᠳᠦ ᠭᠤᠤᠯᠳᠠᠭᠤ ᠯᠢᠶᠤᠤᠨᠢᠩ ᠮᠤᠵᠢ ᠶᠢᠨ ᠳᠠᠩᠰᠠ ᠡᠪᠬᠡᠮᠡᠯ ᠦᠨ ᠭᠠᠵᠠᠷ ᠲᠤ ᠬᠠᠳᠠᠭᠠᠯᠠᠵᠤ ᠪᠠᠢ᠌ᠭ᠎ᠠ ᠮᠣᠩ᠋ᠭᠤᠯ ᠬᠢᠲᠠᠳ ᠳᠠᠩᠰᠠ ᠡᠪᠬᠡᠮᠡᠯ ᠢ ᠠᠰᠢᠭᠯᠠᠵᠤ᠂ ᠲᠤᠰ ᠬᠡᠷᠡᠭ ᠶᠠᠪᠤᠳᠠᠯ ᠤᠨ ᠡᠭᠦᠰᠦᠭᠰᠡᠨ ᠰᠢᠯᠲᠠᠭᠠᠨ᠂ ᠦᠩᠭᠡᠷᠡᠯᠲᠡ ᠵᠢᠴᠢ ᠨᠦᠯᠦᠭᠡ ᠶᠢ ᠲᠤᠷᠰᠢᠨ ᠦᠭᠦᠯᠡᠪᠡ᠃ |
原文 |
查看原文
|
出自 |
内蒙古社会科学(蒙文版)
2010年
第5期
|