题名 |
ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ ᠪᠦᠲᠦᠴᠡ ᠶᠢᠨ ᠲᠤᠬᠠᠢ ᠲᠤᠷᠰᠢᠨ ᠦᠭᠦᠯᠡᠬᠦ ᠨᠢ |
作者 |
ᠠᠯᠳᠠᠨᠳᠠᠷᠢ; ᠳᠠᠢ᠌ᠴᠢᠨ |
关键词 |
ᠳᠤᠮᠳᠠᠳᠤ ᠪᠠᠭ᠎ᠠ ᠰᠤᠷᠭᠠᠭᠤᠯᠢ ᠶᠢᠨ ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ; ᠵᠢᠷᠭᠤᠭᠠᠨ ᠡᠰᠢᠲᠦ ᠨᠢᠭᠡ ᠴᠤᠭᠴᠠ ᠶᠢᠨ ᠪᠦᠲᠦᠴᠡ |
摘要 |
ᠲᠤᠭᠠᠨ ᠤ ᠤᠬᠠᠭᠠᠨ ᠤ ᠬᠢᠴᠢᠶᠡᠯ ᠲᠦᠷᠦᠯ ᠨᠢ ᠳᠤᠮᠳᠠᠳᠤ ᠪᠠᠭ᠎ᠠ ᠰᠤᠷᠭᠠᠭᠤᠯᠢ ᠶᠢᠨ ᠭᠤᠤᠯ ᠰᠤᠷᠬᠤ ᠬᠢᠴᠢᠶᠡᠯ ᠲᠦᠷᠦᠯ ᠪᠤᠯᠬᠤ ᠮᠦᠷᠲᠡᠭᠡᠨ ᠰᠤᠷᠤᠭᠴᠢᠳ ᠴᠠᠭᠠᠰᠢᠲᠠ ᠰᠤᠷᠤᠯᠴᠠᠬᠤ ᠶᠢᠨ ᠰᠠᠭᠤᠷᠢ ᠪᠤᠯᠬᠤ ᠪᠦᠭᠡᠳ ᠮᠦᠨ ᠴᠦ ᠰᠤᠷᠤᠭᠴᠢᠳ ᠤᠨ ᠰᠤᠷᠤᠯᠴᠠᠬᠤ ᠬᠦᠴᠢᠷᠳᠡᠯᠭᠡ ᠮᠦᠨ᠃ ᠡᠢ᠌ᠮᠦ ᠡᠴᠡ᠂ ᠲᠤᠭᠠᠨ ᠤ ᠤᠬᠠᠭᠠᠨ ᠤ ᠬᠢᠴᠢᠶᠡᠯ ᠪᠡᠯᠡᠳᠭᠡᠬᠦ ᠨᠢ ᠪᠠᠭᠰᠢ ᠶᠢᠨ ᠴᠢᠨᠠᠷ ᠰᠠᠢ᠌ᠲᠠᠢ ᠬᠢᠴᠢᠶᠡᠯ ᠣᠷᠤᠬᠤ ᠶᠢᠨ ᠦᠨᠳᠦᠰᠦᠨ ᠪᠠᠲᠤᠯᠠᠭ᠎ᠠ ᠪᠤᠯᠬᠤ ᠪᠦᠭᠡᠳ ᠰᠤᠷᠤᠭᠴᠢᠳ ᠤᠨ ᠰᠤᠷᠤᠯᠴᠠᠯᠭ᠎ᠠ ᠳᠤ ᠠᠭᠢᠭᠤᠯᠬᠤ ᠦᠢᠯᠡᠳᠦᠯ ᠦᠵᠡᠭᠦᠯᠬᠦ ᠴᠢᠬᠤᠯᠠ ᠠᠵᠢᠯ ᠪᠤᠯᠬᠤ ᠶᠤᠮ᠃ ᠵᠤᠬᠢᠶᠠᠭᠴᠢ ᠣᠯᠠᠨ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠢ᠌ᠷᠡᠵᠦ ᠲᠤᠭᠠᠨ ᠤ ᠤᠬᠠᠭᠠᠨ ᠤ ᠬᠢᠴᠢᠶᠡᠯ ᠦᠨ ᠲᠠᠩᠬᠢᠮ ᠤᠨ ᠪᠤᠳᠠᠲᠤ ᠪᠠᠢ᠌ᠳᠠᠯ ᠢ ᠣᠢ᠌ᠯᠠᠭᠠᠭᠰᠠᠨ ᠪᠠ ᠶᠠᠫᠤᠨ ᠤ ᠲᠤᠭᠠᠨ ᠤ ᠤᠬᠠᠭᠠᠨ ᠤ ᠬᠢᠴᠢᠶᠡᠯ ᠦᠨ ᠳᠠᠩᠬᠢᠮ ᠤᠨ ᠵᠢᠭᠠᠨ ᠰᠤᠷᠭᠠᠯᠲᠠ ᠶᠢ ᠰᠤᠷᠤᠯᠵᠤ ᠰᠤᠳᠤᠯᠤᠭᠰᠠᠨ ᠤ ᠰᠠᠭᠤᠷᠢᠨ ᠳᠡᠭᠡᠷ᠎ᠡ᠂ ᠣᠳᠣ ᠦᠶ᠎ᠡ ᠶᠢᠨ ᠵᠢᠭᠠᠨ ᠰᠤᠷᠭᠠᠯᠲᠠ ᠶᠢᠨ ᠪᠤᠳᠠᠲᠤ ᠪᠠᠢ᠌ᠳᠠᠯ ᠵᠢᠴᠢ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ 《ᠵᠢᠭᠠᠬᠤ ᠮᠠᠲ᠋ᠧᠷᠢᠶᠠᠯ ᠢ ᠪᠡᠯᠡᠳᠭᠡᠬᠦ》᠂ 《ᠰᠤᠷᠤᠭᠴᠢ ᠶᠢ ᠪᠡᠯᠡᠳᠭᠡᠬᠦ》᠂ 《ᠪᠠᠭᠰᠢ ᠶᠢ ᠪᠡᠯᠡᠳᠭᠡᠬᠦ》᠂ 《ᠵᠢᠭᠠᠬᠤ ᠠᠷᠭ᠎ᠠ ᠶᠢ ᠪᠡᠯᠡᠳᠭᠡᠬᠦ》᠂ 《ᠰᠤᠷᠤᠯᠴᠠᠬᠤ ᠠᠷᠭ᠎ᠠ ᠶᠢ ᠪᠡᠯᠡᠳᠭᠡᠬᠦ》᠂ 《ᠣᠷᠴᠢᠨ ᠲᠤᠭᠤᠷᠢᠨ ᠢ ᠪᠡᠯᠡᠳᠭᠡᠬᠦ》ᠵᠡᠷᠭᠡ ᠵᠢᠷᠭᠤᠭᠠᠨ ᠡᠰᠢᠲᠦ ᠨᠢᠭᠡ ᠴᠤᠭᠴᠠ ᠶᠢᠨ ᠬᠢᠴᠢᠶᠡᠯ ᠪᠡᠯᠡᠳᠭᠡᠬᠦ ᠪᠦᠲᠦᠴᠡ ᠶᠢ ᠳᠤᠷᠠᠳᠤᠨ ᠭᠠᠷᠭᠠᠪᠠ᠃ |
原文 |
查看原文
|
出自 |
内蒙古民族大学学报(自然科学)
2013年
第2期
|