摘要 |
ᠬᠤᠳᠠ ᠪᠠᠯᠭᠠᠰᠤᠨ ᠤ ᠲᠠᠭᠤᠷᠴᠤᠳ ᠨᠢ ᠤᠤᠯ ᠤᠨ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠡᠴᠡ ᠰᠠᠯᠤᠨ ᠠᠮᠢᠳᠤᠷᠠᠬᠤ᠂ ᠲᠠᠷᠠᠬᠠᠢ ᠪᠤᠳᠠᠷᠬᠠᠢ᠂ ᠪᠤᠰᠤᠳ ᠦᠨᠳᠦᠰᠦᠳᠡᠨ ᠤ ᠰᠤᠶᠤᠯ ᠤᠨ ᠨᠦᠯᠦᠭᠡ ᠶᠢ ᠬᠦᠷᠳᠡᠬᠦ᠂ ᠪᠤᠰᠤᠳ ᠦᠨᠳᠦᠰᠦᠳᠡᠨ ᠲᠠᠢ ᠬᠤᠷᠢᠮᠯᠠᠬᠤ ᠵᠡᠷᠭᠡ ᠰᠢᠯᠳᠠᠭᠠᠨ ᠡᠴᠡ ᠪᠤᠯᠵᠤ᠂ ᠦᠪᠡᠷ ᠤᠨ ᠦᠨᠳᠦᠰᠦᠳᠡᠨ ᠤ ᠠᠪᠨ ᠤᠳᠤᠮᠰᠢᠯᠳᠤ ᠰᠤᠶᠤᠯ ᠶᠢᠡᠨ ᠰᠠᠢ᠌ᠳᠤᠷ ᠬᠠᠳᠠᠭᠠᠯᠠᠵᠤ ᠲᠡᠢ᠌ᠯᠬᠦ ᠪᠠᠨ ᠪᠤᠯᠢᠭᠰᠠᠨ ᠪᠠᠢ᠌ᠨ᠎ᠠ᠃ ᠦᠭᠦᠯᠡᠯ ᠳᠤ ᠤᠭᠰᠠᠭᠠᠳᠠᠨ ᠵᠦᠢ ᠶᠢᠨ ᠬᠠᠷᠠᠭᠠᠨ ᠡᠴᠡ ᠤᠭ ᠰᠠᠭᠤᠷᠢᠰᠢᠯ ᠤᠨ ᠤᠯᠠᠷᠢᠯ ᠬᠤᠪᠢᠰᠤᠯᠳᠠ᠂ ᠦᠭᠡ ᠬᠡᠯᠡᠨ ᠤ ᠤᠯᠠᠷᠢᠯ ᠬᠤᠪᠢᠰᠤᠯᠳᠠ᠂ ᠵᠠᠩ ᠲᠠᠳᠬᠠᠯ ᠤᠨ ᠤᠯᠠᠷᠢᠯ ᠬᠤᠪᠢᠰᠯᠤᠳᠠ᠂ ᠤᠷᠤᠭ ᠤᠨ ᠶᠠᠪᠤᠳᠠᠯ ᠤᠨ ᠦᠨᠳᠦᠰᠦᠳᠡᠨ ᠤ ᠤᠯᠠᠷᠢᠯ ᠬᠤᠪᠢᠰᠤᠯᠳᠠ᠂ ᠠᠵᠢᠯ ᠤᠨ ᠤᠯᠠᠷᠢᠯ ᠬᠤᠪᠢᠰᠤᠯᠳᠠ᠂ ᠦᠨᠳᠦᠰᠦᠳᠡᠨ ᠤ ᠰᠡᠳᠭᠢᠯᠭᠡ ᠵᠡᠷᠭᠡ ᠵᠢᠷᠭᠤᠭᠠᠨ ᠲᠠᠯ᠎ᠠ ᠡᠴᠡ ᠬᠤᠳᠠ ᠪᠠᠯᠭᠠᠰᠤᠨ ᠤ ᠲᠠᠭᠤᠷᠴᠤᠳ ᠤᠨ ᠰᠤᠶᠤᠯ ᠤᠨ ᠤᠯᠠᠷᠢᠯ ᠬᠤᠪᠢᠰᠤᠯᠳᠠ ᠳᠤ ᠵᠠᠳᠠᠯᠤᠯᠳᠠ ᠰᠢᠨᠵᠢᠯᠡᠯᠳᠡ ᠬᠢᠭ᠍ᠰᠡᠨ ᠪᠠᠢ᠌ᠨ᠎ᠠ᠃ |