摘要 |
ᠤᠷᠠᠯᠢᠭ ᠪᠤᠯ ᠬᠦᠮᠦᠨ ᠲᠦᠷᠦᠯᠬᠢᠳᠡᠨ ᠤ ᠤᠶᠤᠨ ᠤ ᠪᠤᠯᠪᠠᠰᠤᠨ ᠤ ᠡᠭᠦᠳᠦᠯᠳᠡ᠂ ᠮᠦᠨ ᠴᠤ ᠤᠶᠤᠨ ᠤ ᠪᠤᠯᠪᠠᠰᠤᠨ ᠤ ᠬᠦᠭ᠍ᠵᠢᠯᠳᠡ ᠶᠢᠨ ᠪᠡᠯᠭᠡ ᠲᠡᠮᠳᠡᠭ ᠶᠤᠮ᠃ ᠲᠡᠭᠦᠨ ᠤ ᠢᠯᠡᠷᠡᠭᠦᠯᠵᠦ ᠪᠦᠬᠦᠢ ᠠᠭᠤᠯᠭ᠎ᠠ ᠨᠢ ᠴᠦᠮ ᠬᠦᠮᠦᠨ ᠲᠦᠷᠦᠯᠬᠢᠳᠡᠨ ᠤ ᠲᠤᠰ ᠪᠡᠶ᠎ᠡ ᠶᠢᠨ ᠤᠷᠤᠰᠢᠬᠤᠢ ᠶᠢᠨ ᠬᠡᠯᠪᠡᠷᠢ ᠪᠠᠢ᠌ᠵᠤ᠂ ᠤᠷᠠᠯᠢᠭ ᠤᠨ ᠬᠡᠪ ᠨᠠᠮᠪᠠ ᠶᠢᠨ ᠪᠤᠢ ᠪᠤᠯᠬᠤ ᠨᠢ ᠲᠡᠷᠡ ᠬᠦ ᠤᠷᠠᠯᠢᠭ ᠤᠨ ᠪᠤᠯᠪᠠᠰᠤᠷᠠᠨ ᠲᠤᠭᠳᠠᠨᠢᠭᠰᠠᠨ ᠤ ᠬᠢᠨ ᠲᠤᠰᠬᠠᠯ ᠪᠤᠯᠬᠤ ᠶᠤᠮ᠃ ᠫᠷᠤᠭ᠍ᠷᠡᠮ ᠤᠨ ᠬᠦᠳᠦᠯᠦᠯᠭᠡ ᠶᠢᠨ ᠨᠠᠮᠪᠠ ᠶᠢᠨ ᠰᠤᠳᠤᠯᠭᠠᠨ ᠨᠢ ᠷᠠᠳᠢᠤ᠋ ᠲᠸᠯᠸᠢᠰ ᠬᠦᠳᠦᠯᠦᠭᠴᠢ ᠶᠢᠨ ᠤᠨᠤᠯ ᠰᠤᠳᠤᠯᠭᠠᠨ ᠤ ᠭᠦᠨᠵᠡᠭᠡᠢ᠌ᠷᠡᠯ ᠪᠤᠯᠤᠨ᠃ ᠬᠦᠳᠦᠯᠦᠭᠴᠢ ᠶᠢᠨ ᠤᠷᠠᠯᠢᠭ ᠨᠢ ᠬᠦᠳᠦᠯᠦᠭᠴᠢ ᠶᠢᠨ ᠲᠤᠰᠠᠭᠠᠷ ᠬᠡᠪ ᠨᠠᠮᠪᠠ ᠶᠢᠨ ᠪᠦᠷᠢᠯᠳᠦᠬᠦ ᠶᠢ ᠲᠠᠭᠠᠯᠳᠤᠨ ᠬᠠᠮᠤᠭ ᠤᠨ ᠶᠡᠬᠡ ᠲᠠᠮᠵᠢᠭᠤᠯᠭ᠎ᠠ ᠶᠢᠨ ᠦᠨ᠎ᠡ ᠦᠷᠳᠡᠭ ᠶᠢᠡᠨ ᠪᠡᠶᠡᠯᠡᠭᠦᠯᠵᠦ᠂ ᠤᠳᠤᠬᠢ ᠴᠠᠭ ᠤᠨ ᠲᠠᠶᠠᠭᠠᠷᠴᠢᠯᠠᠭᠰᠠᠨ ᠶᠡᠬᠡ ᠤᠷᠴᠢᠨ ᠳᠡᠬᠢ ᠬᠦᠮᠦᠨᠴᠢ ᠲᠠᠮᠵᠢᠭᠤᠯᠭ᠎ᠠ᠂ ᠬᠠᠮᠤᠭ ᠤᠨ ᠦᠷ᠎ᠡ ᠨᠦᠯᠦᠭᠡ ᠲᠠᠢ ᠲᠠᠮᠵᠢᠭᠤᠯᠭ᠎ᠠ ᠶᠢ ᠶᠠᠪᠤᠭᠳᠠᠭᠤᠯᠵᠤ ᠴᠢᠳᠠᠳᠠᠭ᠃ |