题名 |
ᠦᠪᠦᠷ ᠮᠣᠩᠭ᠋ᠤᠯ ᠤᠨ ᠦᠪᠡᠷᠲᠡᠭᠡᠨ ᠵᠠᠰᠠᠬᠤ ᠣᠷᠤᠨ ᠤ ᠲᠤᠮᠳᠠ ᠪᠠᠭ᠎ᠠ ᠬᠡᠯᠪᠡᠷᠢ ᠶᠢᠨ ᠠᠵᠤ ᠠᠬᠤᠢᠯᠠᠯ ᠤᠨ ᠬᠦᠭ᠍ᠵᠢᠯᠲᠡ ᠶᠢᠨ ᠠᠷᠭ᠎ᠠ ᠵᠠᠮ ᠤᠨ ᠲᠣᠬᠠᠢ ᠲᠦᠭᠦᠮ ᠦᠭᠦᠯᠡᠬᠦ ᠨᠢ |
作者 |
ᠰᠡᠴᠡᠨ; ᠵᠣᠣ ᠲᠤᠶᠠᠭ᠋ ᠠ |
关键词 |
ᠲᠤᠮᠳᠠ ᠪᠠᠭ᠋ ᠠ ᠬᠡᠯᠪᠡᠷᠢ ᠶᠢᠨ ᠠᠵᠤ ᠠᠬᠤᠢᠯᠠᠯ; ᠲᠤᠯᠭᠠᠷᠠᠵᠤ ᠪᠠᠢᠭ᠎ᠠ ᠠᠰᠠᠭᠤᠳᠠᠯ; ᠰᠢᠢᠳᠪᠦᠷᠢᠯᠡᠬᠦ ᠠᠷᠭ᠋ ᠠ ᠵᠠᠮ; ᠰᠢᠨᠡᠴᠢᠯᠡᠯᠲᠡ |
摘要 |
ᠲᠤᠮᠳᠠ ᠪᠠᠭ᠋ ᠠ ᠬᠡᠯᠪᠡᠷᠢ ᠶᠢᠨ ᠠᠵᠤ ᠠᠬᠤᠢᠯᠠᠯ ᠪᠣᠯ ᠦᠪᠦᠷ ᠮᠣᠩᠭ᠋ᠤᠯ ᠤᠨ ᠦᠪᠡᠷᠲᠡᠭᠡᠨ ᠵᠠᠰᠠᠬᠤ ᠣᠷᠤᠨ ᠤ ᠤᠯᠤᠰ ᠠᠷᠠᠳ ᠤᠨ ᠠᠵᠤ ᠠᠬᠤᠢ ᠶᠢᠨ ᠭᠦᠭ᠍ᠵᠢᠯᠲᠡ ᠶᠢᠨ ᠴᠢᠬᠤᠯᠠ ᠨᠢᠭᠡᠨ ᠲᠤᠯᠭᠠᠭᠤᠷᠢ ᠬᠦᠴᠦᠨ ᠮᠦᠨ᠃ ᠦᠪᠦᠷ ᠮᠣᠩᠭ᠋ᠤᠯ ᠤᠨ ᠲᠤᠮᠲᠠ ᠪᠠᠭ᠋ ᠠ ᠬᠡᠯᠪᠡᠷᠢ ᠶᠢᠨ ᠠᠵᠤ ᠠᠬᠤᠢᠯᠠᠯ ᠤᠨ ᠬᠦᠭ᠍ᠵᠢᠯᠲᠡ ᠳ᠋ᠤ ᠣᠯᠠᠨ ᠲᠠᠯ ᠠ ᠶᠢᠨ ᠬᠦᠴᠢᠷᠲᠡᠯ ᠲᠤᠯᠭᠠᠷᠠᠵᠤ ᠪᠠᠢᠳᠠᠭ᠃ ᠡᠭᠦᠨ ᠤ ᠲᠣᠲᠤᠷ ᠠ ᠲᠤᠮᠲᠠ ᠪᠠᠭ᠋ ᠠ ᠬᠡᠯᠪᠡᠷᠢ ᠶᠢᠨ ᠠᠵᠤ ᠠᠬᠤᠢᠯᠠᠯ ᠤᠨ ᠦᠢᠯᠡᠳᠦᠯ ᠤᠨ ᠲᠣᠬᠠᠢ ᠲᠠᠨᠢᠯᠲᠠ ᠪᠠᠨ ᠬᠦᠨᠵᠡᠭᠡᠢᠢᠷᠡᠭᠦᠯᠵᠦ᠂ ᠵᠠᠰᠠᠭ ᠤᠨ ᠣᠷᠳᠤᠨ ᠡᠴᠡ ᠲᠡᠮᠵᠢᠯᠭᠡ ᠦᠵᠡᠭᠦᠯᠬᠦ᠂ ᠬᠣᠯᠪᠤᠭᠳᠠᠯ ᠪᠦᠬᠦᠢ ᠬᠠᠤᠯᠢ ᠴᠠᠭᠠᠵᠠ ᠵᠢ ᠲᠡᠭᠦᠯᠳᠡᠷᠵᠢᠬᠦᠯᠬᠦ᠂ ᠪᠡᠯᠡ ᠮᠦᠩᠭᠦᠨ ᠤ ᠬᠦᠴᠢᠷᠳᠡᠯ ᠢ ᠰᠢᠢᠳᠪᠦᠷᠢᠯᠡᠬᠦ ᠪᠠ ᠠᠵᠤ ᠠᠬᠤᠢᠯᠠᠯ ᠤᠨ ᠡᠭᠦᠳᠦᠯᠲᠡ ᠰᠢᠨᠡᠴᠢᠯᠡᠯᠲᠡ ᠵᠢ ᠠᠬᠢᠭᠤᠯᠬᠤ ᠪᠣᠯ ᠦᠪᠦᠷ ᠮᠣᠩᠭ᠋ᠤᠯ ᠤᠨ ᠲᠤᠮᠳᠠ ᠪᠠᠭ᠋ ᠠ ᠬᠡᠯᠪᠡᠷᠢ ᠶᠢᠨ ᠠᠵᠤ ᠠᠬᠤᠢᠯᠠᠯ ᠢ ᠬᠦᠭ᠍ᠵᠢᠬᠦᠯᠬᠦ ᠴᠢᠬᠤᠯᠠ ᠠᠷᠭ᠎ᠠ ᠵᠠᠮ ᠮᠦᠨ᠃ |
原文 |
查看原文
|
出自 |
内蒙古师范大学学报
2014年
第1期
|