题名 |
ᠵᠦᠩ ᠳ᠋ᠦᠩ ᠲᠡᠮᠦᠷ ᠵᠠᠮ ᠬᠢᠭᠡᠳ ᠬᠦᠯᠦᠨ ᠪᠤᠢ᠌ᠢᠷ ᠣᠷᠤᠨ ᠳᠤ ᠪᠤᠢ ᠪᠤᠯᠤᠭᠰᠠᠨ ᠮᠠᠯ ᠠᠵᠤ ᠠᠬᠤᠢ ᠶᠢᠨ ᠪᠦᠲᠦᠭᠡᠭ᠍ᠳᠡᠭᠦᠨ ᠦ ᠦᠢᠯᠡᠳᠪᠦᠷᠢ ᠨᠦᠬᠦᠳ ᠦᠨ ᠲᠤᠬᠠᠢ |
作者 |
ᠳᠠᠷᠠᠭᠠᠬᠦᠦ |
关键词 |
ᠵᠦᠩ ᠳ᠋ᠦᠩ ᠲᠡᠮᠦᠷ ᠵᠠᠮ; ᠬᠦᠯᠦᠨ ᠪᠤᠢ᠌ᠢᠷ; ᠠᠵᠤ ᠠᠬᠤᠢ ᠶᠢᠨ ᠪᠦᠲᠭᠡᠭ᠍ᠳᠡᠭᠦᠨ; ᠦᠢᠯᠡᠳᠪᠦᠷᠢ |
摘要 |
ᠣᠢ᠌ᠷ᠎ᠠ ᠦᠶ᠎ᠡ ᠳᠦ ᠂ ᠵᠦᠩ ᠳ᠋ᠦᠩ ᠲᠡᠮᠦᠷ ᠵᠠᠮ ᠬᠦᠯᠦᠨ ᠪᠤᠢ᠌ᠷ ᠣᠷᠤᠨ ᠢᠶᠠᠷ ᠰᠢᠪᠲᠤᠯᠤᠨ ᠦᠩᠭᠡᠷᠡᠭᠰᠡᠨ ᠪᠡ ᠣᠷᠤᠰ ᠤᠨ ᠲᠡᠮᠦᠷ ᠵᠠᠮ ᠤᠨ ᠠᠵᠢᠯᠴᠢᠳ᠂ ᠬᠤᠳᠠᠯᠳᠤᠭᠴᠢᠳ ᠨᠡᠭᠦᠳᠡᠯᠯᠡᠨ ᠢᠷᠡᠬᠦ ᠶᠢ ᠳᠠᠭᠠᠯᠳᠤᠨ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ ᠣᠯᠠᠨ ᠲᠦᠷᠦᠯ ᠦᠨ ᠦᠢᠯᠡᠳᠪᠦᠷᠢ ᠨᠦᠬᠦᠳ ᠢ ᠪᠠᠢ᠌ᠭᠤᠯᠤᠭᠰᠠᠨ ᠪᠠᠢ᠌ᠨ᠎ᠠ᠃ ᠨᠢᠭᠡ ᠲᠠᠯ᠎ᠠ ᠪᠠᠷ ᠵᠦᠩ ᠳ᠋ᠦᠩ ᠲᠡᠮᠦᠷ ᠵᠠᠮ ᠨᠢ ᠣᠷᠤᠰ ᠤᠨ ᠺᠤᠯᠤᠨᠢᠴᠢᠯᠡᠯ ᠦᠨ ᠪᠠᠭᠠᠵᠢ ᠪᠤᠯᠬᠤ ᠶᠢᠨ ᠬᠤᠪᠢ ᠳᠤ ᠲᠡᠭᠦᠨ ᠦ ᠨᠦᠯᠦᠭᠡᠨ ᠳᠤᠤᠷ᠎ᠠ ᠪᠤᠢ ᠪᠤᠯᠤᠭᠰᠠᠨ ᠡᠳᠡᠭᠡᠷ ᠦᠢᠯᠡᠳᠪᠦᠷᠢ ᠨᠦᠬᠦᠳ ᠨᠢ ᠬᠦᠦᠨ ᠪᠤᠢ᠌ᠷ ᠢ ᠮᠠᠯ ᠤᠨ ᠠᠰᠢᠭ ᠰᠢᠮ᠎ᠡ ᠪᠡ ᠲᠦᠭᠦᠬᠡᠢ ᠡᠳ᠋ ᠪᠤᠯᠢᠶᠠᠨ ᠳᠡᠭᠡᠷᠡᠮᠳᠡᠬᠦ ᠰᠠᠭᠤᠷᠢᠨ ᠭᠠᠵᠠᠷ ᠪᠤᠯᠭᠠᠵᠠᠢ᠃ ᠨᠦᠬᠦᠭᠡ ᠲᠠᠯ᠎ᠠ ᠪᠠ ᠲᠡᠮᠷ ᠵᠠᠮ ᠨᠢ ᠣᠢ᠌ᠷ᠎ᠠ ᠦᠶᠡᠵᠢᠯᠡᠯᠲᠡ ᠶᠢᠨ ᠰᠢᠨᠵᠢ ᠲᠡᠮᠳᠡᠭ ᠪᠤᠯᠬᠤ ᠶᠢᠨ ᠬᠤᠪᠢ ᠳᠤ ᠲᠡᠭᠨ ᠢ ᠳᠠᠭᠠᠯᠳᠤᠨ ᠪᠤᠢ ᠪᠤᠯᠤᠭᠰᠠᠨ ᠦᠢᠯᠡᠳᠪᠦᠷᠢ ᠨᠦᠬᠦᠳ ᠨᠢ ᠪᠤᠰᠤᠳᠴᠢ ᠳᠡᠭᠡᠷ᠎ᠡ ᠪᠡᠨ ᠬᠦᠯᠦᠨ ᠪᠤᠢ᠌ᠷ ᠣᠷᠤᠨ ᠤ ᠣᠢ᠌ᠷ᠎ᠠ ᠦᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠬᠦᠭ᠍ᠵᠢᠯᠲᠡ ᠳᠦ ᠠᠭᠢᠭᠤᠯᠬᠤ ᠦᠢᠯᠡᠳᠦᠯ ᠭᠠᠷᠭᠠᠵᠠᠢ᠃ |
原文 |
查看原文
|
出自 |
内蒙古大学学报
2011年
第3期
|