题名 |
《ᠭᠤᠷᠪᠠᠨ ᠤᠯᠤᠰ ᠤᠨ ᠦᠯᠢᠭᠡᠷ》᠋ ᠤᠨ ᠮᠣᠩ᠋ᠭᠤᠯ ᠣᠷᠤᠨ ᠳᠠᠬᠢ ᠲᠠᠷᠬᠠᠯᠲᠠ ᠶᠢᠨ ᠬᠡᠯᠪᠡᠷᠢ ᠰᠤᠳᠤᠯᠤᠯ (ᠨᠢᠭᠡ) — ᠮᠣᠩ᠋ᠭᠤᠯ ᠰᠢᠯᠦᠭ ᠦᠨ ᠬᠡᠯᠪᠡᠷᠢ ᠪᠡᠷ ᠲᠠᠷᠬᠠᠭᠰᠠᠨ 《ᠭᠤᠷᠪᠠᠨ ᠤᠯᠤᠰ ᠤᠨ ᠦᠯᠢᠭᠡᠷ》᠋ ᠤᠨ ᠵᠢᠱᠢᠶᠨ ᠳᠡᠭᠡᠷ᠎ᠡ |
作者 |
ᠵᠢᠦᠢ ᠪᠤᠤ |
关键词 |
《ᠭᠤᠷᠪᠠᠨ ᠤᠯᠤᠰ ᠤᠨ ᠦᠯᠢᠭᠡᠷ》; ᠲᠠᠷᠬᠠᠯᠲᠠ; ᠮᠣᠩ᠋ᠭᠤᠯ ᠰᠢᠯᠦᠭ ᠳᠠᠭᠤᠯᠠᠯ |
摘要 |
ᠬᠢᠲᠠᠳ ᠤᠨ ᠠᠯᠠᠷᠲᠤ ᠲᠡᠦᠬᠡᠨ ᠷᠤᠮᠠᠨ 《ᠭᠤᠷᠪᠠᠨ ᠤᠯᠤᠰ ᠤᠨ ᠦᠯᠢᠭᠡᠷ》᠋ ᠤᠨ ᠮᠣᠩ᠋ᠭᠤᠯ ᠣᠷᠤᠨ ᠳᠤ ᠲᠦᠭᠡᠮᠡᠯᠵᠢᠨ ᠲᠠᠷᠠᠭᠰᠠᠨ ᠨᠢ ᠲᠤᠰ ᠪᠡᠶ᠎ᠡ ᠶᠢᠨ ᠬᠢᠨᠢ ᠤᠷᠠᠯᠢᠭ᠂ ᠦᠵᠡᠯ ᠰᠠᠨᠠᠭᠠᠨ ᠤ ᠲᠠᠲᠠᠤ ᠬᠦᠴᠦᠨ ᠲᠡᠢ ᠬᠤᠯᠪᠤᠭᠳᠠᠬᠤ ᠴᠠ ᠭᠠᠳᠠᠨ᠎ᠠ ᠲᠡᠭᠦᠨ ᠦ ᠮᠣᠩ᠋ᠭᠤᠯ ᠣᠷᠤᠨ ᠳᠠᠬᠢ ᠲᠠᠷᠬᠠᠯᠲᠠ ᠶᠢᠨ ᠬᠡᠯᠪᠡᠷᠢ ᠶᠢᠨ ᠣᠯᠠᠨ ᠶᠠᠩᠵᠤᠲᠤ ᠴᠢᠨᠠᠷ ᠴᠢᠬᠤᠯᠠ ᠦᠢᠯᠡᠳᠦᠯ ᠦᠵᠡᠭᠦᠯᠵᠡᠢ᠃ ᠮᠣᠩ᠋ᠭᠤᠯᠴᠤᠳ 《ᠭᠤᠷᠪᠠᠨ ᠤᠯᠤᠰ ᠤᠨ ᠦᠯᠢᠭᠡᠷ》᠋ ᠢ ᠷᠤᠮᠠᠨ ᠤ ᠬᠡᠯᠪᠡᠷᠢ ᠪᠡᠷ ᠣᠷᠴᠢᠭᠤᠯᠤᠨ ᠤᠯᠠᠮᠵᠢᠯᠠᠭᠰᠠᠨ ᠠᠴᠠ ᠭᠠᠳᠠᠨ᠎ᠠ ᠮᠣᠩ᠋ᠭᠤᠯ ᠪᠢᠴᠢᠭᠲᠡᠳ ᠲᠡᠭᠦᠨ ᠢ ᠮᠣᠩ᠋ᠭᠤᠯ ᠦᠨᠳᠦᠰᠦᠲᠡᠨ ᠦ ᠢᠷᠠᠭᠤ ᠨᠠᠢ᠌ᠷᠠᠭ ᠤᠨ ᠤᠯᠠᠮᠵᠢᠯᠠᠯ ᠳᠤ ᠵᠤᠬᠢᠴᠠᠭᠤᠯᠤᠨ ᠰᠢᠯᠦᠭ ᠦᠨ ᠬᠡᠯᠪᠡᠷᠢ ᠪᠡᠷ ᠲᠤᠪᠶᠤᠭᠯᠠᠨ ᠣᠷᠴᠢᠭᠤᠯᠤᠭᠰᠠᠨ ᠵᠤᠢ᠌ᠯ ᠴᠤ ᠶᠡᠬ ᠣᠯᠠᠨ ᠤᠯᠠᠮᠵᠢᠯᠠᠭᠳᠠᠵᠠᠢ᠃ 《ᠭᠤᠷᠪᠠᠨ ᠤᠯᠤᠰ ᠤᠨ ᠲᠤᠪᠴᠢ ᠦᠯᠢᠭᠡᠷ》᠂ 《ᠭᠤᠷᠪᠠᠨ ᠤᠯᠤᠰ ᠤᠨ ᠪᠢᠴᠢᠭ᠌ ᠤᠨ ᠲᠤᠪᠴᠢᠶ᠎ᠠ》᠂ 《ᠭᠤᠷᠪᠠᠨ ᠤᠯᠤᠰ ᠤᠨ ᠦᠯᠢᠭᠡᠷ ᠦᠨ ᠬᠤᠷᠢᠶᠠᠩ᠋ᠭᠤᠢ ᠨᠢᠭᠡᠨ ᠳᠡᠪᠲᠡᠷ》᠂ 《ᠭᠤᠷᠪᠠᠨ ᠤᠯᠤᠰ ᠤᠨ ᠦᠯᠢᠭᠡᠷ ᠢ ᠬᠤᠤᠰ ᠪᠠᠷ (᠋ ᠢᠶᠠᠷ) ᠰᠢᠯᠦᠭᠯᠡᠭᠰᠡᠨ ᠲᠤᠪᠴᠢ》ᠵᠡᠷᠭᠡ ᠪᠢᠴᠢᠮᠡᠯ ᠳᠡᠪᠲᠡᠷ ᠦᠳ ᠪᠤᠯ 《ᠭᠤᠷᠪᠠᠨ ᠤᠯᠤᠰ ᠤᠨ ᠦᠯᠢᠭᠡᠷ》᠋ ᠤᠨ ᠮᠣᠩ᠋ᠭᠤᠯ ᠣᠷᠤᠨ ᠳᠠᠬᠢ ᠲᠠᠷᠬᠠᠯᠲᠠ ᠶᠢᠨ ᠣᠨᠴᠠᠭᠠᠢ ᠨᠢᠭᠡ ᠬᠡᠯᠪᠡᠷᠢ ᠵᠦᠢᠯ ᠢ ᠪᠦᠷᠢᠯᠳᠦᠭᠦᠯᠵᠡᠢ᠃ |
原文 |
查看原文
|
出自 |
中国蒙古学
2013年
第2期
|