题名 |
ᠤᠶᠤᠲᠠᠳ ᠤᠨ ᠰᠡᠳᠬᠢᠴᠡ ᠶᠢᠨ ᠡᠷᠡᠭᠦᠯ ᠴᠢᠬᠢᠷᠠᠭ ᠤᠨ ᠬᠦᠮᠦᠵᠢᠯ ᠢ ᠴᠢᠩᠭᠠᠳᠬᠠᠬᠤ ᠲᠣᠬᠠᠢ ᠦᠭᠦᠯᠡᠬᠦ ᠨᠢ |
作者 |
ᠭᠠᠩᠪᠦ᠋ᠬᠡ |
关键词 |
ᠤᠶᠤᠲᠠᠳ; ᠰᠡᠳᠬᠢᠴᠡ ᠶᠢᠨ ᠡᠷᠡᠭᠦᠯ ᠴᠢᠬᠢᠷᠠᠭ; ᠬᠦᠮᠦᠵᠢᠯ |
摘要 |
ᠶᠡᠬᠡ ᠰᠤᠷᠭᠠᠭᠤᠯᠢ ᠶᠢᠨ ᠦᠶ ᠡ ᠳ᠋ᠤ᠂ ᠤᠶᠤᠲᠠᠳ ᠤᠨ ᠪᠡᠶ ᠠ ᠮᠠᠬᠠᠪᠤᠳ᠂ ᠰᠡᠳᠭᠢᠴᠡ ᠪᠠ ᠣᠷᠴᠢᠨ ᠲᠤᠭᠤᠷᠢᠨ ᠨᠢ ᠴᠦᠮ ᠰᠢᠨ᠎ᠠ ᠬᠤᠪᠢᠷᠠᠯᠲᠠ ᠭᠤᠷᠤᠭᠰᠠᠨ ᠪᠠᠢᠳᠠᠭ᠃ ᠬᠡᠷᠪᠡ ᠤᠶᠤᠲᠠᠳ ᠡᠳᠡᠭᠡᠷ ᠬᠤᠪᠢᠷᠠᠯᠲᠠ ᠳ᠋ᠤ ᠵᠣᠬᠢᠴᠠᠵᠤ ᠴᠢᠳᠠᠬᠤ ᠦᠭᠡᠢ ᠪᠣᠯ ᠠᠳᠠᠯᠢ ᠪᠣᠰᠤ ᠬᠡᠮᠵᠢᠶᠡᠨ ᠤ ᠰᠡᠳᠬᠢᠴᠡ ᠶᠢᠨ ᠠᠰᠠᠭᠤᠳᠠᠯ ᠢᠯᠡᠷᠡᠳᠡᠭ᠃ ᠤᠶᠤᠲᠠᠳ ᠤᠨ ᠰᠡᠳᠬᠢᠴᠡ ᠶᠢᠨ ᠠᠰᠠᠭᠤᠳᠠᠯ ᠳ᠋ᠤ ᠪᠦᠬᠢᠨᠢᠲᠤᠯᠲᠤ ᠴᠢᠨᠠᠷ᠂ ᠵᠣᠬᠢᠴᠠᠯᠲᠤ ᠴᠢᠨᠠᠷ᠂ ᠬᠤᠷᠮᠲᠤᠯᠲᠤ ᠴᠢᠨᠠᠷ᠂ ᠤᠯᠠᠨ ᠲᠠᠪᠬᠤᠷᠭᠠᠭᠤ ᠴᠢᠨᠠᠷ᠂ ᠱᠠᠲᠤ ᠦᠶᠡᠲᠦ ᠴᠢᠨᠠᠷ ᠵᠡᠷᠭᠡ ᠶᠢᠨ ᠣᠨᠴᠠᠯᠢᠭ ᠲᠠᠢ᠃ ᠤᠶᠤᠲᠠᠳ ᠤᠨ ᠰᠡᠳᠬᠢᠴᠡ ᠶᠢᠨ ᠡᠷᠡᠭᠦᠯ ᠴᠢᠬᠢᠷᠠᠭ ᠤᠨ ᠬᠦᠮᠦᠵᠢᠯ ᠢ ᠪᠦᠲᠦᠮᠵᠢ ᠲᠠᠢ ᠬᠢᠶ ᠡ ᠭᠡᠪᠡᠯ ᠤᠶᠤᠲᠠᠳ ᠤᠨ ᠰᠡᠳᠬᠢᠴᠡ ᠶᠢᠨ ᠡᠷᠡᠭᠦᠯ ᠴᠢᠬᠢᠷᠠᠭ ᠤᠨ ᠪᠠᠢᠳᠠᠯ ᠳ᠋ᠤ ᠵᠣᠬᠢᠰᠲᠠᠢ ᠪᠡᠷ ᠲᠦᠲᠦᠯ ᠬᠤᠪᠢᠶᠠᠬᠤ᠂ᠦᠪᠡᠷ ᠢ ᠪᠠᠨ ᠵᠣᠬᠢᠴᠠᠭᠤᠯᠬᠤ ᠪᠡᠷ ᠭᠤᠤᠯᠯᠠᠬᠤ᠂ ᠭᠤᠤᠯᠳᠠᠯᠭ᠎ᠠ ᠵᠢ ᠨᠢ ᠲᠤᠪᠤᠢᠯᠭᠠᠬᠤ᠂ ᠬᠡᠰᠡᠭ ᠬᠤᠪᠢᠶᠠᠨ ᠬᠡᠷᠡᠭᠵᠢᠭᠦᠯᠬᠦ ᠵᠡᠷᠭᠡ ᠶᠢᠨ ᠠᠷᠭ᠎ᠠ ᠬᠡᠮᠵᠢᠶ ᠡ ᠵᠢ ᠬᠡᠷᠡᠭᠡᠯᠬᠦ ᠴᠢᠬᠤᠯᠠᠲᠠᠢ᠃ |
原文 |
查看原文
|
出自 |
内蒙古师范大学学报
2011年
第4期
|