题名 |
ᠨᠠᠶᠮᠠᠨ ᠬᠤᠰᠢᠭᠤᠨ ᠤ ᠭᠠᠵᠠᠷ ᠤᠨ ᠨᠡᠷ᠎ᠡ ᠳᠡᠬᠢ ᠰᠤᠶᠤᠯ ᠤᠨ ᠠᠭᠤᠯᠤᠭᠳᠠᠬᠤᠨ ᠢ ᠰᠢᠨᠵᠢᠯᠡᠬᠦ ᠨᠢ |
作者 |
ᠾᠧ ᠶᠧ |
关键词 |
ᠨᠠᠶᠮᠠᠨ ᠬᠤᠰᠢᠭᠤ; ᠭᠠᠵᠠᠷ ᠤᠨ ᠨᠡᠷ᠎ᠡ; ᠰᠤᠶᠤᠯ ᠤᠨ ᠠᠭᠤᠯᠤᠭᠳᠠᠬᠤᠨ |
摘要 |
ᠭᠠᠵᠠᠷ ᠤᠨ ᠨᠡᠷ᠎ᠡ ᠨᠢ ᠲᠡᠷᠡ ᠬᠦ ᠭᠠᠵᠠᠷ ᠣᠷᠤᠨ ᠤ ᠠᠳᠠᠯᠢ ᠪᠤᠰᠤ ᠶᠢᠨ ᠲᠡᠦᠬᠡᠲᠦ ᠴᠠᠭ ᠦᠶ᠎ᠡ ᠳᠡᠬᠢ ᠠᠳᠠᠯᠢ ᠪᠤᠰᠤ ᠶᠢᠨ ᠦᠩᠭᠡᠷᠡᠯᠲᠡ ᠶᠢ ᠲᠡᠮᠳᠡᠭᠯᠡᠵᠦ᠂ ᠦᠨᠳᠦᠰᠦᠲᠡᠨ ᠦ ᠲᠡᠦᠬᠡ ᠪᠤᠯᠤᠨ ᠣᠷᠤᠨ ᠨᠤᠲᠤᠭ ᠤᠨ ᠨᠡᠢᠭᠡᠮ ᠪ ᠠᠵᠤ ᠠᠬᠤᠢ ᠶᠢᠨ ᠬᠦᠭᠵᠢᠯᠲᠡ ᠶᠢᠨ ᠵᠢᠷᠤᠭᠯᠠᠯ ᠪᠤᠯᠵᠤ ᠪᠠᠢᠳᠠᠭ᠃ ᠡᠢᠮᠦ ᠡᠴᠡ ᠭᠠᠵᠠᠷ ᠤᠨ ᠨᠡᠷ᠎ᠡ ᠨᠢ ᠢᠯᠡ ᠲᠤᠳᠤ ᠦᠨᠳᠦᠰᠦᠲᠡᠨ ᠦ ᠰᠢᠨᠵᠢ᠂ ᠣᠷᠤᠨ ᠨᠤᠲᠤᠭ ᠤᠨ ᠰᠢᠨᠵᠢ ᠬᠢᠭᠡᠳ ᠴᠠᠭ ᠦᠶ ᠡ ᠶᠢᠨ ᠰᠢᠨᠵᠢ ᠲᠡᠢ ᠪᠠᠢᠳᠠᠭ᠃ ᠲᠡᠷᠡ ᠨᠢ ᠲᠤᠬᠠᠢ ᠶᠢᠨ ᠣᠷᠤᠨ ᠨᠤᠲᠤᠭ ᠤᠨ ᠰᠤᠶᠤᠯ᠂ ᠲᠡᠦᠬᠡ᠂ ᠠᠵᠤ ᠠᠬᠤᠢ᠂ ᠠᠮᠢᠳᠤᠷᠠᠯ ᠵᠡᠷᠭᠡ ᠣᠯᠠᠨ ᠬᠦᠷᠢᠶ᠎ᠡ ᠴᠠᠷᠠᠭ᠎ᠠ ᠯᠤᠭ᠎ᠠ ᠨᠢᠭᠲᠠ ᠬᠠᠷᠢᠴᠠᠭ᠎ᠠ ᠲᠠᠢ ᠶᠤᠮ᠃ ᠭᠠᠵᠠᠷ ᠤᠨ ᠨᠡᠷ᠎ᠡ ᠶᠢᠨ ᠲᠤᠬᠠᠢ ᠦᠩᠭᠡᠷᠡᠭᠰᠡᠨ ᠦ ᠰᠤᠳᠤᠯᠭᠠᠨ ᠨᠢ ᠵᠦᠪᠬᠡᠨ ᠲᠡᠭᠦᠨ ᠦ ᠡᠭᠦᠰᠦᠯ ᠬᠦᠭᠵᠢᠯ᠂ ᠪᠦᠲᠦᠴᠡ ᠬᠡᠯᠪᠡᠷᠢ᠂ ᠤᠳᠬ᠎ᠠ ᠠᠭᠤᠯᠭ᠎ᠠ ᠶᠢ ᠭᠤᠤᠯᠴᠢᠯᠠᠨ ᠰᠤᠳᠤᠯᠤᠭᠰᠠᠨ ᠠᠴᠠ ᠪᠢᠰᠢ ᠬᠠᠷᠢᠨ ᠲᠡᠭᠦᠨ ᠦ ᠰᠤᠶᠤᠯ ᠤᠨ ᠠᠭᠤᠯᠤᠭᠳᠠᠬᠤᠨ ᠢ ᠠᠭᠤᠳᠠᠯᠤᠨ ᠰᠢᠨᠵᠢᠯᠡᠭᠰᠡᠨ ᠢᠶᠡᠷ ᠭᠦᠢᠴᠡᠳ ᠪᠤᠰᠤ᠃ ᠦᠭᠦᠯᠡᠯ ᠳᠦ ᠲᠦᠩᠯᠢᠶᠤᠤ ᠬᠤᠲᠠ ᠶᠢᠨ ᠨᠠᠶᠮᠠᠨ ᠬᠤᠰᠢᠭᠤᠨ ᠤ ᠭᠠᠵᠠᠷ ᠤᠨ ᠨᠡᠷ᠎ᠡ ᠳᠡᠬᠢ ᠰᠤᠶᠤᠯ ᠤᠨ ᠠᠭᠤᠯᠤᠭᠳᠠᠬᠤᠨ ᠢ ᠠᠭᠤᠳᠠᠯᠤᠨ ᠰᠢᠨᠵᠢᠯᠡᠬᠦ ᠶᠢ ᠵᠤᠷᠢᠭᠰᠠᠨ ᠪᠠᠢᠨ᠎ᠠ᠃ |
原文 |
查看原文
|
出自 |
中国蒙古学
2015年
第1期
|