| 题名 | 
                ᠴᠢᠯᠦᠭᠡᠯᠡᠬᠦ ᠲᠠᠢ᠌ᠢᠨ ᠤ ᠦᠶᠡ ᠳ᠋ᠡᠬᠢ ᠦᠪᠦᠷ ᠮᠤᠩᠭ᠋ᠤᠯ ᠤᠨ ᠴᠢᠯᠦᠭᠡᠯᠡᠭᠳᠡᠭᠰᠡᠨ ᠤᠷᠤᠨ ᠤ ᠭᠠᠵᠠᠷ ᠰᠢᠷᠦᠢ ᠶᠢᠨ ᠦᠭᠡᠷᠡᠴᠢᠯᠡᠯᠳᠡ ᠶᠢᠨ ᠬᠦᠳᠡᠯᠭᠡᠭᠡᠨ | 
            
            
                | 作者 | 
                ᠲᠡᠳ᠋ ᠰᠤᠳᠤᠯᠤᠭᠴᠢ ᠴᠡᠩᠭᠡᠯᠳᠦ | 
            
            
                | 关键词 | 
                ᠭᠠᠵᠠᠷ ᠰᠢᠷᠦᠢ ᠶᠢᠨ ᠦᠭᠡᠷᠡᠴᠢᠯᠡᠯᠳᠡ; ᠠᠩᠭᠢ; ᠲᠦᠷᠦ ᠶᠢᠨ ᠪᠤᠳᠤᠯᠭᠠ; ᠲᠠᠷᠢᠶᠠᠯᠠᠩ; ᠲᠡᠭᠡᠭ᠍ᠰᠢᠯᠡᠯᠳᠡ | 
            
            
                | 摘要 | 
                ᠴᠢᠯᠦᠭᠡᠯᠡᠬᠦ ᠲᠠᠢ᠌ᠢᠨ ᠤ ᠦᠶᠡ ᠳᠤ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭᠠ ᠲᠤᠤᠷᠠ᠂ ᠦᠪᠦᠷ ᠮᠤᠩᠭ᠋ᠤᠯ ᠤᠨ ᠴᠢᠯᠦᠭᠡᠯᠡᠭᠳᠡᠭᠰᠡᠨ ᠤᠷᠤᠨ ᠳᠤ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠬᠦᠳᠡᠯᠭᠡᠭᠡᠨ ᠢ ᠦᠷᠭᠡᠨ ᠬᠡᠪᠴᠢᠶᠡᠳᠡᠢ ᠪᠡᠷ ᠦᠷᠨᠢᠭᠦᠯᠵᠡᠢ᠃ ᠲᠡᠦᠬᠡ ᠶᠢᠨ ᠰᠢᠯᠳᠠᠭᠠᠨ ᠡᠴᠡ ᠪᠤᠯᠵᠤ᠂ ᠦᠪᠦᠷ ᠮᠤᠩᠭ᠋ᠤᠯ ᠤᠷᠤᠨ ᠤ ᠭᠠᠵᠠᠷ ᠰᠢᠷᠤᠢ ᠶᠢᠨ ᠠᠰᠠᠭᠤᠳᠠᠯ ᠨᠡᠯᠢᠶᠡᠳ ᠪᠤᠳᠤᠯᠢᠶᠠᠨ ᠲᠠᠢ ᠪᠠᠢ᠌ᠵᠤ᠂ ᠭᠠᠵᠠᠷ ᠰᠢᠷᠦᠢ ᠶᠢᠨ ᠬᠠᠷᠢᠴᠠᠭᠠᠨ ᠤ ᠲᠤᠮᠳᠠ ᠨᠠᠷᠢᠨ ᠪᠤᠳᠤᠯᠢᠶᠠᠨ ᠲᠠᠢ ᠦᠨᠳᠦᠰᠦᠳᠡᠨ ᠤ ᠬᠠᠷᠢᠴᠠᠭᠠ ᠤᠷᠤᠰᠢᠵᠤ ᠪᠠᠢ᠌ᠵᠠᠢ᠃ ᠦᠪᠦᠷ ᠮᠤᠩᠭ᠋ᠤᠯ ᠤᠨ ᠨᠠᠮ ᠤᠨ ᠬᠤᠷᠢᠶᠠ ᠪᠤᠯᠤᠨ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠦᠪᠦᠷ ᠮᠤᠩᠭ᠋ᠤᠯ ᠤᠷᠤᠨ ᠤ ᠪᠤᠳᠠᠳᠤ ᠪᠠᠢ᠌ᠳᠠᠯ ᠢ ᠦᠨᠳᠦᠰᠦᠯᠡᠵᠦ᠂ ᠲᠤᠰ ᠭᠠᠵᠠᠷ ᠤᠷᠤᠨ ᠤ ᠦᠨᠳᠦᠰᠦᠳᠡᠨ ᠤ ᠤᠨᠴᠠᠯᠢᠭ ᠪᠤᠯᠤᠨ ᠭᠠᠵᠠᠷ ᠤᠷᠤᠨ ᠤ ᠤᠨᠴᠠᠯᠢᠭ ᠲᠤ ᠲᠤᠬᠢᠷᠠᠭᠰᠠᠨ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠲᠦᠷᠦ ᠶᠢᠨ ᠪᠤᠳᠤᠯᠭᠠ ᠶᠢ ᠲᠤᠭᠳᠠᠭᠠᠭᠰᠠᠨ ᠪᠦᠭᠡᠳ ᠨᠠᠷᠢᠨ ᠬᠢᠨᠠᠮᠠᠭᠠᠢ ᠪᠡᠷ ᠬᠡᠷᠡᠭᠵᠢᠭᠦᠯᠦᠭᠰᠡᠨ ᠪᠠᠢ᠌ᠨᠠ᠃ ᠡᠭᠦᠨ ᠤ ᠬᠠᠮᠳᠤ ᠢᠳᠡᠪᠬᠢᠳᠡᠢ ᠠᠷᠭᠠ ᠬᠡᠮᠵᠢᠶᠡ ᠠᠪᠴᠤ᠂ ᠮᠠᠰᠢ ᠤᠯᠠᠨ ᠭᠠᠵᠠᠷ ᠤᠷᠤᠨ ᠳᠤ ᠭᠠᠷᠤᠭᠰᠠᠨ ᠠᠯᠳᠠᠭᠠ ᠪᠤᠷᠤᠭᠤ ᠪᠤᠯᠤᠨ ᠬᠡᠯᠪᠡᠷᠢᠯ ᠢ ᠵᠠᠯᠠᠷᠠᠭᠤᠯᠵᠤ᠂ ᠭᠠᠵᠠᠷ ᠰᠢᠷᠤᠢ ᠶᠢᠨ ᠦᠭᠡᠷᠡᠴᠢᠯᠡᠯᠳᠡ ᠶᠢᠨ ᠲᠤᠢ᠌ᠯᠪᠤᠷᠢᠳᠠᠢ ᠢᠯᠠᠯᠳᠠ ᠶᠢ ᠪᠠᠳᠤᠯᠠᠭᠰᠠᠨ ᠪᠠᠢ᠌ᠨᠠ᠃ | 
            
            
                | 原文 | 
                
                    
                    查看原文
                    
                 | 
            
          
            | 出自 | 
            
              内蒙古社会科学(蒙文版)
              2015年
               第1期
             |