题名 |
ᠨᠠᠢᠮᠠᠨ ᠬᠤᠰᠢᠭᠤᠨ ᠤ ᠰᠦᠮ᠎ᠡ ᠬᠡᠶᠢᠳ ᠪᠤᠯᠤᠨ ᠮᠤᠩᠭᠤᠯᠴᠤᠳ ᠦᠪᠡᠷ ᠢᠶᠡᠨ ᠵᠢᠷᠤᠵᠤ ᠲᠦᠯᠦᠪᠯᠡᠨ ᠪᠦᠲᠦᠭᠡᠵᠦ ᠪᠠᠶᠢᠭᠤᠯᠤᠭᠰᠠᠨ ᠳᠠᠴᠢᠨ ᠰᠦᠮ᠎ᠡ |
作者 |
ᠪ᠂ ᠭᠡᠷᠡᠯᠲᠦ |
关键词 |
ᠨᠠᠢᠮᠠᠨ ᠬᠤᠰᠢᠭᠤᠨ ᠤ ᠬᠤᠷᠢᠨ ᠳᠦᠷᠪᠡᠨ ᠰᠦᠮ᠎ᠡ; ᠮᠤᠩᠭᠤᠯᠴᠤᠳ ᠤᠨ ᠦᠪᠡᠷᠰᠡᠳ ᠢᠶᠡᠨ ᠪᠠᠶᠢᠭᠤᠯᠤᠭᠰᠠᠨ ᠳᠠᠴᠢᠨ ᠰᠦᠮ᠎ᠡ; ᠭᠤᠷᠪᠠᠳᠤᠭᠠᠷ ᠳᠠᠯᠠᠢ ᠯᠠᠮᠠ ᠶᠢᠨ ᠳᠠᠭᠠᠯᠠᠯ ᠪᠤᠯᠤᠭᠰᠠᠨ ᠵᠢᠭᠠᠰᠤᠲᠠᠢ ᠨᠠᠭᠤᠷ ᠤᠨ ᠲᠤᠬᠠᠢ ᠳᠠᠭᠠᠮᠠᠭ |
摘要 |
ᠲᠤᠰ ᠦᠭᠦᠯᠡᠯ ᠳᠦ ᠨᠠᠢᠮᠠᠨ ᠬᠤᠰᠢᠭᠤᠨ ᠤ ᠲᠡᠦᠬᠡᠨ ᠳᠡᠭᠡᠷ᠎ᠡ ᠪᠠᠶᠢᠭᠰᠠᠨ ᠬᠤᠷᠢᠨ ᠳᠦᠷᠪᠡᠨ ᠪᠤᠷᠬᠠᠨ ᠤ ᠱᠠᠰᠢᠨ ᠤ ᠰᠦᠮ᠎ᠡ ᠬᠡᠶᠢᠳ ᠪᠤᠯᠤᠨ ᠭᠤᠤᠯ ᠭᠤᠤᠯ ᠰᠦᠮ᠎ᠡ ᠨᠦᠬᠦᠳ ᠦᠨ ᠪᠠᠶᠢᠭᠤᠯᠤᠭᠳᠠᠵᠤ ᠡᠪᠳᠡᠷᠡᠭᠰᠡᠨ ᠤᠨ ᠵᠢᠯ ᠪᠠ ᠲᠡᠳᠡᠨ ᠦ ᠪᠠᠶᠢᠭᠤᠯᠤᠭᠳᠠᠭᠰᠠᠨ ᠨᠡᠶᠢᠭᠡᠮ ᠲᠡᠦᠬᠡ ᠶᠢᠨ ᠰᠢᠯᠲᠠᠭᠠᠨ ᠵᠢᠴᠢ ᠤᠨᠴᠠᠯᠢᠭ ᠤᠳ ᠢ ᠲᠤᠪᠴᠢ ᠲᠤᠰᠢᠶᠠᠪᠠ᠃ ᠢᠯᠠᠩ᠋ᠭᠤᠶ᠎ᠠ ᠳᠠᠴᠢᠨ ᠰᠦᠮ᠎ᠡ ᠶᠢᠨ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠦᠨ᠎ᠡ ᠴᠠᠨ᠎ᠠ ᠠᠴᠢ ᠬᠤᠯᠪᠤᠭᠳᠠᠯ ᠢ ᠮᠤᠨᠭᠭᠤᠯ ᠦᠨᠳᠦᠰᠦᠲᠡᠨ ᠦ ᠪᠡᠶ᠎ᠡ ᠪᠡᠨ ᠳᠠᠭᠠᠭᠠᠵᠤ ᠪᠠᠷᠢᠯᠭ᠎ᠠ ᠶᠢᠨ ᠦᠢᠯᠡᠰ ᠡᠷᠬᠢᠯᠡᠭᠰᠡᠨ ᠪᠡ ᠰᠢᠨ᠎ᠡ ᠪᠡᠷ ᠡᠭᠦᠳᠦᠨ ᠪᠦᠲᠦᠭᠡᠭ᠍ᠰᠡᠨ ᠲᠡᠦᠬᠡᠲᠦ ᠭᠠᠪᠢᠶ᠎ᠠ ᠯᠤᠭ᠎ᠠ ᠬᠤᠯᠪᠤᠭᠳᠠᠭᠤᠯᠤᠨ ᠦᠭᠦᠯᠡᠵᠡᠢ᠃ ᠨᠠᠢᠮᠠᠨ ᠬᠤᠰᠢᠭᠤ ᠡᠮᠦᠨ᠎ᠡ ᠬᠤᠶᠢᠨ᠎ᠠ ᠬᠤᠶᠠᠷ ᠵᠠᠭᠤᠨ ᠵᠢᠯ ᠤᠨ ᠬᠤᠭᠤᠷᠤᠨᠳᠤ ᠬᠡᠳᠦᠨ ᠠᠷᠪᠠᠨ ᠰᠦᠮ ᠡ ᠬᠡᠶᠢᠳ ᠴᠤᠭᠴᠠᠯᠠᠨ ᠪᠦᠲᠦᠭᠡᠵᠦ ᠪᠤᠷᠬᠠᠨ ᠤ ᠱᠠᠰᠢᠨ ᠭᠠᠶᠢᠬᠠᠯᠲᠠᠢ ᠬᠦᠭ᠍ᠵᠢᠵᠦ ᠳᠡᠯᠭᠡᠷᠡᠭᠰᠡᠨ ᠪᠤᠯᠤᠨ ᠳᠠᠴᠢᠨ ᠰᠦᠮ᠎ᠡ ᠳᠦ 《ᠵᠠᠷᠯᠢᠭ ᠤᠨ ᠭᠡᠭᠡᠨ》ᠢᠯᠡᠷᠡᠨ ᠲᠤᠳᠤᠷᠠᠭᠰᠠᠨ ᠶᠠᠪᠤᠳᠠᠯ ᠢ ᠭᠤᠷᠪᠠᠳᠤᠭᠠᠷ ᠳᠠᠯᠠᠢ ᠯᠠᠮᠠ ᠰᠤᠳᠨᠠᠮᠵᠠᠮᠰᠤ ᠶᠢᠨ ᠨᠠᠢᠮᠠᠨ ᠬᠤᠰᠢᠭᠤᠨ ᠤ 《ᠵᠢᠭᠠᠰᠤᠲᠠᠢ》ᠭᠡᠰᠡᠨ ᠭᠠᠵᠠᠷ ᠳᠠᠭᠠᠯᠠᠯ ᠪᠤᠯᠤᠭᠰᠠᠨ ᠳᠠᠭᠠᠮᠠᠭ ᠯᠤᠭ᠎ᠠ ᠬᠤᠯᠪᠤᠵᠤ ᠶᠠᠷᠢᠬᠤ ᠶᠢ ᠬᠢᠴᠢᠶᠡᠪᠡ᠃ |
原文 |
查看原文
|
出自 |
内蒙古大学学报
2010年
第4期
|