摘要 |
ᠠᠮᠸᠷᠢᠺᠠ ᠶᠢᠨ ᠵᠢᠭᠠᠨ ᠰᠤᠷᠭᠠᠬᠤ ᠮᠡᠷᠭᠡᠵᠢᠯᠳᠡᠨ ᠤ ᠰᠤᠳᠤᠯᠭ᠎ᠠ ᠪᠡᠷ 《ᠵᠢᠭᠠᠨ ᠰᠤᠷᠭᠠᠯᠳᠠ ᠶᠢᠨ ᠠᠰᠢᠭ ᠨᠤᠷᠮ᠎ᠠ ᠶᠢᠨ ᠦᠨᠳᠦᠷ ᠪᠤᠭᠤᠨᠢ ᠨᠢ ᠪᠠᠭᠰᠢ ᠶᠢᠨ ᠲᠤᠷᠠᠳᠤᠭᠰᠠᠨ ᠠᠰᠠᠭᠤᠯᠳᠠ ᠶᠢᠨ ᠠᠷᠭ᠎ᠠ ᠮᠠᠶ᠊ᠢᠭ ᠪᠠ ᠰᠢᠨᠵᠢ ᠴᠢᠨᠠᠷ ᠲᠠᠢ ᠲᠤᠩ ᠶᠡᠬᠡ ᠬᠤᠯᠪᠤᠭᠳᠠᠯᠳᠠᠢ ᠪᠠᠢ᠌ᠳᠠᠭ᠃ ᠬᠡᠷᠪᠡ ᠲᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠬᠢᠴᠢᠶᠡᠯ ᠲᠡᠭᠡᠷ᠎ᠡ ᠠᠰᠠᠭᠤᠯᠳᠠ ᠲᠤᠷᠠᠳᠬᠤ ᠲᠠᠯ᠎ᠠ ᠪᠡᠷ ᠪᠤᠯᠪᠠᠰᠤᠷᠠᠩᠭ᠋ᠤᠢ ᠪᠤᠰᠤ ᠪᠤᠯ ᠵᠢᠭᠠᠨ ᠰᠤᠷᠭᠠᠯᠳᠠ ᠶᠢᠨ ᠠᠵᠢᠯ ᠢᠯᠭᠤᠮ ᠤᠷᠤᠭᠰᠢᠳᠠᠢ ᠶᠠᠪᠤᠭᠳᠠᠵᠤ ᠲᠡᠢ᠌ᠯᠬᠦ ᠦᠭᠡᠢ ᠶᠤᠮ》 ᠭᠡᠰᠡᠨ ᠳ᠋ᠦᠩᠨᠡᠯᠳᠡ ᠶᠢ ᠤᠯᠵᠠᠢ᠃ ᠤᠨᠤᠯ ᠪᠠ ᠦᠢᠯᠡᠳᠦᠯᠭᠡ ᠪᠡᠷ ᠲᠤᠳᠤᠯᠠᠭᠰᠠᠨ ᠨᠢ ᠬᠢᠴᠢᠶᠡᠯ ᠲᠡᠭᠡᠷ᠎ᠡ ᠴᠢᠳᠠᠮᠠᠭᠠᠢ ᠪᠡᠷ ᠠᠰᠠᠭᠤᠬᠤ ᠨᠢ ᠰᠤᠷᠤᠭᠴᠢ ᠪᠠᠨ ᠤᠷᠮᠠᠰᠢᠭᠤᠯᠬᠤ᠂ ᠲᠦᠪᠯᠡᠷᠡᠭᠦᠯᠬᠦ᠂ ᠰᠡᠭᠡᠭᠡᠷᠡᠭᠦᠯᠬᠦ᠂ ᠰᠡᠩᠬᠡᠷᠡᠭᠦᠯᠬᠦ᠂ ᠰᠠᠨᠠᠭᠤᠯᠬᠤ᠂ ᠨᠦᠯᠦᠭᠡᠯᠡᠬᠦ ᠲᠠᠯ᠎ᠠ ᠪᠡᠷ ᠪᠦᠷ ᠢᠳᠡᠪᠬᠢ ᠦᠢᠯᠡᠳᠦᠯ ᠦᠵᠡᠭᠦᠯᠦᠨ᠂ ᠬᠦᠮᠦᠰ ᠢ ᠠᠭᠠᠵᠢᠭᠤ ᠲᠠᠯᠪᠢᠭᠤ ᠤᠷᠴᠢᠨ ᠳᠤ ᠪᠠᠢ᠌ᠯᠭᠠᠬᠤ ᠲᠤᠯᠠ ᠵᠢᠭᠠᠬᠤ ᠪᠠ ᠰᠤᠷᠬᠤ ᠨᠢ ᠨᠡᠩ ᠤᠷᠭᠠᠨᠢᠭ ᠪᠤᠯᠳᠠᠭ ᠶᠤᠮ᠃ |