论文信息


题名 ᠶᠤᠸᠠᠨ ᠤᠯᠤᠰ ᠤᠨ ᠦᠶ᠎ᠡ ᠶᠢᠨ ᠬᠤᠲᠠ ᠪᠠᠢᠭᠤᠯᠤᠯᠲᠠ ᠶᠢᠨ ᠰᠤᠶᠤᠯ ᠤᠨ ᠳᠤᠷᠠᠰᠬᠠᠯ — ᠱᠠᠩᠲᠤ ᠬᠤᠲᠠ — ᠱᠠᠩᠲᠤ ᠬᠤᠲᠠ ᠳᠡᠯᠡᠬᠡᠢ ᠶᠢᠨ ᠰᠤᠶᠤᠯ ᠤᠨ ᠦᠪ ᠢᠶᠡᠷ ᠳᠠᠩᠰᠠᠯᠠᠭᠤᠯᠤᠭᠰᠠᠨ ᠢ ᠳᠤᠷᠠᠰᠬᠠᠶ᠎ᠠ
作者 ᠠᠮᠢᠨᠪᠦ᠋ᠬᠡ
关键词 ᠶᠡᠬᠡ ᠶᠤᠸᠠᠨ ᠤᠯᠤᠰ; ᠬᠤᠪᠢᠯᠠᠢ ᠬᠠᠭᠠᠨ; ᠱᠠᠩᠲᠤ ᠬᠣᠲᠠ; ᠲᠡᠦᠬᠡ ᠰᠤᠶᠤᠯ ᠤᠨ ᠳᠤᠷᠠᠰᠬᠠᠯ
摘要 ᠡᠨᠡ ᠬᠦ ᠦᠭᠦᠯᠡᠯ ᠳᠦ ᠰᠤᠶᠤᠯ ᠤᠨ ᠬᠦᠮᠦᠨ ᠵᠦᠢ ᠶᠢᠨ ᠠᠷᠭ᠎ᠠ ᠪᠠᠷ ᠶᠤᠸᠠᠨ ᠤᠯᠤᠰ ᠤᠨ ᠳᠡᠭᠡᠳᠦ ᠨᠡᠢᠰᠯᠡᠯ — ᠱᠠᠩᠲᠤ ᠬᠣᠲᠠ ᠶᠢᠨ ᠪᠠᠭᠤᠷᠢ ᠶᠢ ᠪᠠᠢᠴᠠᠭᠠᠨ ᠰᠢᠨᠵᠢᠯᠡᠵᠦ᠂ ᠳᠡᠭᠡᠳᠦ ᠨᠡᠢᠰᠯᠡᠯ — ᠱᠠᠩᠲᠤ ᠬᠤᠲᠠ ᠶᠢᠨ ᠲᠤᠭᠤᠷᠢᠭ ᠲᠤ ᠲᠠᠯ᠎ᠠ ᠨᠤᠲᠤᠭ ᠤᠨ ᠨᠡᠭᠦᠳᠡᠯ ᠦᠨ ᠰᠤᠶᠤᠯ ᠪᠠ ᠰᠠᠭᠤᠷᠢᠰᠢᠮᠠᠯ ᠰᠤᠶᠤᠯ᠂ ᠠᠽᠢᠶ᠎ᠠ ᠡᠸᠦ᠋ᠷᠦᠫᠡ ᠶᠢᠨ ᠬᠤᠶᠠᠷ ᠣᠷᠤᠨ ᠤ ᠪᠤᠯᠪᠠᠰᠤᠨ ᠰᠤᠶᠤᠯ ᠢ ᠡᠷᠬᠡ ᠲᠡᠭᠰᠢ ᠨᠡᠭᠡᠭᠡᠯᠲᠡ ᠲᠡᠢ ᠢᠳᠡᠭᠡᠰᠢᠭᠦᠯᠦᠭᠰᠡᠨ᠂ ᠲᠤᠬᠠᠢ ᠶᠢᠨ ᠦᠶ᠎ᠡ ᠶᠢᠨ ᠳᠤᠮᠳᠠᠳᠤ ᠤᠯᠤᠰ ᠤᠨ ᠦᠨᠳᠦᠰᠦᠲᠡᠨ ᠨᠦᠬᠦᠳ ᠦᠨ ᠬᠠᠮᠲᠤᠷᠠᠨ ᠠᠵᠤ ᠲᠦᠷᠦᠵᠦ᠂ ᠬᠠᠷᠢᠯᠴᠠᠨ ᠲᠡᠭᠦᠯᠳᠡᠷᠵᠢᠨ ᠳᠠᠪᠰᠢᠭᠰᠠᠨ ᠰᠤᠩᠭᠤᠳᠠᠭ ᠠᠷᠭ᠎ᠠ ᠵᠠᠮ ᠢ ᠡᠭᠦᠳᠦᠭᠰᠡᠨ ᠮᠣᠩᠭᠤᠯᠴᠤᠳ ᠤᠨ ᠲᠡᠦᠬᠡᠨ ᠭᠠᠪᠢᠶ᠎ᠠ᠂ ᠳᠡᠯᠡᠬᠡᠢ ᠶᠢᠨ ᠬᠦᠮᠦᠨ ᠲᠦᠷᠦᠯᠬᠢᠲᠡᠨ ᠦ ᠲᠡᠦᠬᠡ ᠶᠢᠨ ᠬᠦᠭᠵᠢᠯᠲᠡ ᠶᠢ ᠲᠦᠯᠬᠢᠨ ᠠᠭᠢᠭᠤᠯᠤᠭᠰᠠᠨ ᠭᠠᠢᠬᠠᠮᠰᠢᠭᠲᠤ ᠦᠨᠡᠨ ᠲᠡᠦᠬᠡ ᠶᠢ ᠨᠡᠭᠡᠨ ᠳ᠋ᠦᠩᠨᠡᠵᠦ᠂ ᠳᠡᠭᠡᠳᠦ ᠨᠡᠢᠰᠯᠡᠯ — ᠱᠠᠩᠲᠤ ᠬᠣᠲᠠ ᠪᠤᠯ ᠶᠤᠸᠠᠨ ᠤᠯᠤᠰ ᠤᠨ ᠦᠶ᠎ᠡ ᠶᠢᠨ ᠮᠣᠩᠭᠤᠯᠴᠤᠳ ᠤᠨ ᠪᠠᠢᠭᠠᠯᠢ ᠭᠠᠵᠠᠷ ᠵᠦᠢ ᠶᠢᠨ ᠣᠨᠴᠠᠯᠢᠭ᠂ ᠨᠡᠢᠭᠡᠮ ᠦᠨ ᠠᠵᠤ ᠠᠬᠤᠢ ᠶᠢᠨ ᠣᠨᠴᠠᠯᠢᠭ᠂ ᠦᠨᠳᠦᠰᠦᠲᠡᠨ ᠦ ᠰᠤᠶᠤᠯ ᠰᠡᠳᠬᠢᠯᠭᠡᠨ ᠦ ᠣᠨᠴᠠᠯᠢᠭ ᠲᠤ ᠪᠠᠨ ᠵᠤᠬᠢᠴᠠᠭᠤᠯᠤᠨ ᠪᠠᠢᠵᠤ ᠪᠠᠢᠭᠤᠯᠤᠭᠰᠠᠨ ᠬᠣᠲᠠ ᠪᠠᠷᠢᠯᠭ᠎ᠠ — ᠲᠦᠷᠦ ᠶᠢᠨ ᠨᠡᠢᠰᠯᠡᠯ ᠬᠣᠲᠠ ᠶᠢᠨ ᠳᠤᠷᠠᠰᠬᠠᠯ᠂ ᠲᠤᠬᠠᠢ ᠶᠢᠨ ᠦᠶ᠎ᠡ ᠶᠢᠨ ᠨᠡᠢᠭᠡᠮ ᠦᠨ ᠡᠳ᠋ ᠦᠨ ᠰᠤᠶᠤᠯ ᠪᠠ ᠤᠶᠤᠨ ᠤ ᠰᠤᠶᠤᠯ ᠤᠨ ᠰᠠᠯᠤᠰᠢ ᠦᠭᠡᠢ ᠨᠢᠭᠡ ᠬᠡᠰᠡᠭ ᠨᠢ ᠮᠦᠨ ᠪᠠᠢᠭᠰᠠᠨ ᠢ ᠲᠠᠯ᠎ᠠ ᠲᠠᠯ᠎ᠠ ᠠᠴᠠ ᠨᠢ ᠲᠤᠳᠤᠷᠠᠭᠤᠯᠤᠨ ᠪᠢᠴᠢᠵᠦ᠂ ᠡᠨᠡ ᠬᠦ ᠲᠡᠦᠬᠡ ᠰᠤᠶᠤᠯ ᠤᠨ ᠳᠤᠷᠠᠰᠬᠠᠯ ᠢ ᠵᠦᠪ ᠤᠬᠠᠭᠠᠷᠠᠨ᠂ ᠵᠦᠪ ᠲᠠᠢᠯᠪᠤᠷᠢᠯᠠᠵᠤ ᠨᠡᠢᠭᠡᠮ ᠦᠨ ᠬᠦᠭᠵᠢᠯᠲᠡ ᠳᠦ ᠰᠢᠨᠵᠢᠯᠡᠬᠦ ᠤᠬᠠᠭᠠᠨᠴᠢ ᠪᠠᠷ ᠦᠢᠯᠡᠴᠢᠯᠡᠭᠦᠯᠬᠦ ᠶᠢᠨ ᠠᠬᠤᠢᠴᠢ ᠠᠴᠢ ᠬᠤᠯᠪᠤᠭᠳᠠᠯ ᠢ ᠰᠠᠨᠠᠭᠠᠴᠢᠯᠠᠨ ᠳᠤᠷᠠᠳᠴᠠᠢ᠃
原文 没有原文
出自 西部蒙古论坛 2015年 第3期

联系我们


内蒙古大学图书馆
呼和浩特市大学西路235号
中国·内蒙古
P: (0471) 4992561
E: huangfeilong@imu.edu.cn