摘要 |
ᠢᠨᠵᠠᠨᠨᠠᠰᠢ ᠡᠴᠡ ᠪᠢᠳᠡᠨ ᠳᠤ ᠦᠯᠡᠳᠡᠭᠡᠵᠦ ᠦᠭ᠍ᠭᠦᠭ᠍ᠰᠡᠨ ᠪᠠᠶᠠᠯᠢᠭ ᠦᠵᠡᠯ ᠰᠠᠨᠠᠭᠠᠨ ᠤ ᠦᠪ ᠬᠦᠷᠦᠩᠭᠡ ᠳᠤ ᠭᠦᠨ ᠤᠬᠠᠭᠠᠨ᠂ ᠲᠡᠦᠬᠡ ᠶᠢᠨ ᠦᠵᠡᠯ ᠰᠠᠨᠠᠭ᠎ᠠ᠂ ᠡᠰᠢ ᠶᠤᠰᠤᠨ ᠤ ᠦᠵᠡᠯ ᠰᠠᠨᠠᠭ᠎ᠠ ᠵᠡᠷᠭᠡ ᠪᠤᠢ᠃ ᠡᠭᠦᠨ ᠤ ᠲᠤᠳᠤᠷ᠎ᠠ ᠵᠤᠯ ᠵᠢᠷᠭᠠᠯ ᠤᠨ ᠦᠵᠡᠯᠳᠡ ᠨᠢ ᠨᠢᠭᠡ ᠲᠠᠯ᠎ᠠ ᠪᠡᠷ ᠲᠡᠭᠦᠨ ᠤ ᠭᠦᠨ ᠤᠬᠠᠭᠠᠨ ᠤ ᠦᠨᠳᠦᠰᠦᠨ ᠦᠵᠡᠯᠳᠡ ᠶᠢ ᠲᠤᠰᠬᠠᠨ ᠬᠠᠷᠠᠭᠤᠯᠵᠤ᠂ ᠨᠦᠭᠦᠭᠡ ᠲᠠᠯ᠎ᠠ ᠪᠡᠷ ᠤᠯᠤᠰ ᠲᠦᠷᠦ ᠶᠢᠨ ᠦᠵᠡᠯᠳᠡ ᠲᠠᠨᠢᠯᠳᠠ᠂ ᠠᠮᠢᠳᠤᠷᠠᠬᠤᠢ ᠶᠢᠨ ᠦᠵᠡᠯᠳᠡ ᠶᠢ ᠨᠢ ᠬᠠᠷᠠᠭᠤᠯᠵᠤ ᠪᠠᠢ᠌ᠬᠤ ᠪᠡᠷ ᠶᠢᠡᠨ ᠲᠡᠭᠦᠨ ᠤ ᠦᠵᠡᠯ ᠰᠠᠨᠠᠭᠠᠨ ᠤ ᠲᠤᠭᠳᠠᠯᠴᠠᠭ᠎ᠠ ᠳᠤ ᠮᠠᠰᠢ ᠴᠢᠬᠤᠯᠠ ᠪᠠᠢ᠌ᠷᠢ ᠶᠢ ᠡᠵᠡᠯᠡᠳᠡᠭ᠃ ᠦᠭᠦᠯᠡᠯ ᠳᠤ ᠢᠨᠵᠠᠨᠨᠠᠰᠢ ᠶᠢᠨ ᠵᠤᠯ ᠵᠢᠷᠭᠠᠯ ᠤᠨ ᠦᠵᠡᠯᠳᠡ ᠶᠢᠨ ᠦᠨᠳᠦᠰᠦᠨ ᠠᠭᠤᠯᠭ᠎ᠠ ᠪᠤᠯᠤᠨ ᠲᠡᠭᠦᠨ ᠤ ᠪᠦᠷᠢᠯᠳᠦᠵᠦ ᠲᠤᠭᠳᠠᠭᠰᠠᠨ ᠦᠨᠳᠦᠰᠦ ᠰᠤᠷᠪᠤᠯᠵᠢ ᠶᠢ ᠬᠠᠢ᠌ᠨ ᠰᠢᠨᠵᠢᠯᠡᠬᠦ ᠪᠡᠷ ᠵᠤᠷᠢᠵᠠᠢ᠃ |