摘要 |
ᠲᠤᠰ ᠦᠭᠦᠯᠡᠯ ᠳᠦ ᠂ ᠵᠤᠬᠢᠶᠠᠭᠴᠢ ᠠᠴᠠ ᠨᠡᠢ᠌ᠭᠡᠮ ᠵᠢᠷᠦᠮᠲᠦ ᠵᠠᠬ᠎ᠠ ᠳᠡᠯᠭᠡᠭᠦᠷ ᠦᠨ ᠠᠵᠤ ᠠᠬᠤᠢ ᠶᠢᠨ ᠪᠠᠢ᠌ᠭᠤᠯᠤᠮᠵᠢ ᠶᠢ ᠪᠠᠢ᠌ᠭᠤᠯᠬᠤ ᠶᠠᠪᠤᠴᠠ ᠳᠠᠬᠢ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠴᠢᠬᠤᠯᠠ ᠴᠢᠨᠠᠷ ᠠᠴᠠ ᠭᠠᠷᠲᠠᠵᠤ᠂ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠬᠠᠷᠠᠯᠲᠠ ᠪᠠ ᠠᠭᠤᠯᠭ᠎ᠠ ᠶᠢ ᠳᠤᠷᠠᠳᠤᠨ ᠲᠤᠳᠤᠷᠬᠠᠢ᠌ᠯᠠᠭᠰᠠᠨ ᠤ ᠬᠠᠮᠲᠤ᠂ ᠨᠡᠢ᠌ᠭᠡᠮ ᠵᠢᠷᠦᠮᠲᠦ ᠵᠠᠬ᠎ᠠ ᠳᠡᠯᠭᠡᠭᠦᠷ ᠦᠨ ᠠᠵᠤ ᠠᠬᠤᠢ ᠶᠢᠨ ᠨᠦᠬᠦᠴᠡᠯ ᠳᠤᠤᠷᠠᠬᠢ ᠵᠠᠰᠠᠭ ᠤᠨ ᠣᠷᠳᠤᠨ ᠤ ᠭᠤᠤᠯ ᠪᠤᠯᠬᠤ ᠡᠭᠦᠷᠭᠡ ᠴᠢᠳᠠᠪᠤᠷᠢ ᠶᠢ ᠲᠤᠳᠤᠷᠬᠠᠢ᠌ᠯᠠᠭᠰᠠᠨ ᠪᠠᠢ᠌ᠨ᠎ᠠ᠃ ᠡᠭᠦᠨ ᠦ ᠳᠠᠭᠠᠤ᠂ ᠪᠠᠰᠠ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠵᠤᠷᠢᠯᠭ᠎ᠠ ᠶᠢ ᠪᠡᠶᠡᠯᠡᠭᠦᠯᠬᠦ ᠳᠦ ᠬᠤᠯᠪᠤᠭᠳᠠᠬᠤ ᠬᠡᠳᠦᠨ ᠠᠰᠠᠭᠤᠳᠠᠯ ᠳᠤ ᠵᠠᠳᠠᠯᠤᠯᠲᠠ ᠬᠢᠭ᠍ᠰᠡᠨ ᠪᠠᠢ᠌ᠨ᠎ᠠ᠃ |