题名 |
ᠺᠤᠮᠫᠢᠦ᠋ᠲ᠋ᠧᠷ ᠤᠨ ᠲᠤᠰᠬᠠᠢ ᠮᠡᠷᠭᠡᠵᠢᠯ ᠦᠨ ᠪᠤᠰᠤ ᠤᠶᠤᠲᠠᠳ ᠲᠤ ACCESS ᠬᠢᠴᠢᠶᠡᠯ ᠢ ᠬᠡᠷᠡᠭ ᠦᠨ ᠵᠢᠱᠢᠶ᠎ᠡ ᠲᠡᠢ ᠤᠶᠠᠯᠳᠤᠭᠤᠯᠤᠨ ᠵᠢᠭᠠᠨ ᠰᠤᠷᠭᠠᠬᠤ ᠨᠢ |
作者 |
ᠯᠢ ᠫᠢᠩ |
关键词 |
ᠳ᠋ᠠᠢᠲ᠋ᠠ ᠬᠦᠮᠦᠷᠭᠡ; ᠬᠡᠷᠡᠭ ᠦᠨ ᠵᠢᠱᠦᠢᠶᠡᠨ ᠦ ᠵᠢᠭᠠᠨ ᠰᠤᠷᠭᠠᠯᠲᠠ; Access |
摘要 |
Access ᠬᠢᠴᠢᠶᠡᠯ ᠪᠤᠯ ᠣᠨᠣᠯ ᠤᠨ ᠰᠢᠨᠵᠢ ᠪᠡ ᠦᠢᠯᠡᠳᠦᠯᠭᠡᠲᠦ ᠰᠢᠨᠵᠢ ᠪᠡᠷ ᠨᠡᠯᠢᠶᠡᠳ ᠴᠢᠩᠭ᠍᠎ᠠ ᠬᠢᠴᠢᠶᠡᠯ ᠲᠦᠷᠦᠯ ᠮᠦᠨ᠃ ᠲᠤᠰ ᠦᠭᠦᠯᠡᠯ ᠳᠦ᠂ ᠺᠤᠮᠫᠢᠦ᠋ᠲ᠋ᠧᠷ ᠤᠨ ᠮᠡᠷᠭᠡᠵᠢᠯ ᠡᠴᠡ ᠪᠤᠰᠤᠳ ᠲᠤᠰᠬᠠᠢ ᠮᠡᠷᠭᠡᠵᠢᠯ ᠦᠨ ᠤᠶᠤᠲᠠᠨ ᠤ Access ᠬᠢᠴᠢᠶᠡᠯ ᠦᠨ ᠵᠢᠭᠠᠨ ᠰᠤᠷᠭᠠᠯᠲᠠ ᠳᠤ ᠣᠷᠤᠰᠢᠵᠤ ᠪᠠᠢᠭ᠎ᠠ ᠠᠰᠠᠭᠤᠳᠠᠯ ᠢ ᠭᠦᠨᠵᠡᠭᠡᠢ ᠵᠠᠳᠠᠯᠤᠯᠲᠠ ᠬᠢᠬᠦ ᠪᠡᠷ ᠳᠠᠮᠵᠢᠨ᠂ ᠵᠢᠭᠠᠨ ᠰᠤᠷᠭᠠᠯᠲᠠ ᠶᠢᠨ ᠪᠤᠳᠠᠲᠠᠢ ᠲᠤᠷᠰᠢᠯᠭ᠎ᠠ ᠳᠠᠭᠠᠨ ᠨᠠᠷᠢᠯᠢᠭ ᠳ᠋ᠦᠩᠨᠡᠯᠲᠡ ᠬᠢᠭᠰᠡᠨ ᠪᠦᠭᠡᠳ Access ᠬᠢᠴᠢᠶᠡᠯ ᠦᠨ ᠵᠢᠭᠠᠨ ᠰᠤᠷᠭᠠᠯᠲᠠ ᠳᠤ ᠬᠡᠷᠡᠭ ᠦᠨ ᠵᠢᠱᠢᠶᠡᠨ ᠦ ᠵᠢᠭᠠᠨ ᠰᠤᠷᠭᠠᠬᠤ ᠠᠷᠭ᠎ᠠ ᠶᠢ ᠬᠡᠷᠡᠭᠯᠡᠬᠦ ᠲᠤᠬᠠᠢ ᠬᠤᠪᠢ ᠶᠢᠨ ᠦᠵᠡᠯᠲᠡ ᠪᠡᠨ ᠳᠤᠷᠠᠳᠴᠠᠢ᠃ ᠡᠭᠦᠨ ᠦ ᠬᠠᠮᠲᠤ Access ᠬᠢᠴᠢᠶᠡᠯ ᠦᠨ ᠬᠡᠷᠡᠭ ᠦᠨ ᠵᠢᠱᠢᠶᠡᠨ ᠦ ᠵᠢᠭᠠᠨ ᠰᠤᠷᠭᠠᠯᠲᠠ ᠶᠢᠨ ᠬᠡᠳᠦᠨ ᠵᠠᠩᠭᠢᠯᠠᠭ᠎ᠠ ᠶᠢ ᠨᠠᠷᠢᠯᠢᠭ ᠲᠠᠨᠢᠯᠴᠠᠭᠤᠯᠬᠤ ᠶᠢᠨ ᠤᠯᠠᠮ ᠢᠶᠠᠷ᠂ ᠬᠡᠷᠡᠭ ᠦᠨ ᠵᠢᠱᠢᠶᠡᠨ ᠦ ᠵᠢᠭᠠᠨ ᠰᠤᠷᠭᠠᠬᠤ ᠠᠷᠭ᠎ᠠ ᠶᠢ Access᠋ ᠤᠨ ᠬᠢᠴᠢᠶᠡᠯᠡᠯᠭᠡ ᠳᠦ ᠬᠡᠷᠡᠭᠯᠡᠬᠦ ᠦᠶᠡᠰ ᠲᠦ ᠠᠩᠬᠠᠷᠬᠤ ᠴᠢᠬᠤᠯᠠᠲᠠᠢ ᠠᠰᠠᠭᠤᠳᠠᠯ ᠳᠤ ᠰᠦᠪᠡᠭᠴᠢᠯᠡᠯᠲᠡ ᠬᠢᠭᠰᠡᠨ ᠪᠠᠢᠨ᠎ᠠ᠃ |
原文 |
没有原文
|
出自 |
内蒙古师范大学学报(自然科学蒙古文版)
2014年
第3期
|