题名 |
ᠰᠤᠷᠤᠯᠴᠠᠭᠴᠢ ᠪᠡᠷ ᠲᠦᠪ ᠪᠤᠯᠭᠠᠬᠤ ᠵᠢᠭᠠᠨ ᠰᠤᠷᠭᠠᠯᠳᠠ ᠶᠢᠨ ᠦᠢᠯᠡᠳᠦᠯᠭᠡ ᠶᠢ ᠵᠠᠳᠠᠯᠵᠤ ᠦᠨᠡᠯᠡᠬᠦ ᠨᠢ - ᠮᠤᠩᠭ᠋ᠤᠯ ᠤᠯᠤᠰ ᠤᠨ ᠡᠷᠳᠡᠮᠳᠡᠨ ᠤᠶᠤᠨ ᠪᠠᠭᠰᠢ ᠶᠢᠨ ᠬᠢᠴᠢᠶᠡᠯ ᠤᠨ ᠵᠢᠱᠢᠶᠡᠨ ᠲᠡᠭᠡᠷ᠎ᠡ |
作者 |
ᠳ᠋ᠤᠺᠲ᠋ᠤᠷ ᠲᠤᠭᠤᠰ |
关键词 |
ᠰᠤᠷᠤᠯᠴᠠᠭᠴᠢ ᠪᠡᠷ ᠲᠦᠪ ᠪᠤᠯᠭᠠᠬᠤ; ᠵᠢᠭᠠᠨ ᠰᠤᠷᠭᠠᠯᠳᠠ; ᠪᠡᠶᠡᠴᠢᠯᠡᠨ ᠤᠷᠤᠯᠴᠠᠭᠤᠯᠬᠤ; ᠦᠨᠡᠯᠡᠯᠳᠡ |
摘要 |
ᠰᠤᠷᠤᠯᠴᠠᠭᠴᠢ ᠪᠡᠷ ᠲᠦᠪ ᠪᠤᠯᠭᠠᠬᠤ ᠵᠢᠭᠠᠨ ᠰᠤᠷᠭᠠᠯᠳᠠ ᠨᠢ ᠰᠤᠷᠤᠭᠴᠢ ᠶᠢᠨ ᠡᠵᠡᠨ ᠪᠡᠶ᠎ᠡ ᠶᠢᠨ ᠪᠠᠢ᠌ᠷᠢ ᠰᠠᠭᠤᠷᠢ ᠶᠢ ᠮᠡᠳᠡᠷᠡᠭᠰᠡᠨ᠂ ᠰᠤᠷᠤᠭᠴᠢ ᠶᠢᠨ ᠬᠦᠭ᠍ᠵᠢᠯᠳᠡ ᠶᠢ ᠠᠬᠢᠭᠤᠯᠬᠤ ᠳᠤ ᠠᠰᠢᠭᠳᠠᠢ ᠨᠢᠭᠡ ᠵᠦᠢᠯ ᠤᠨ ᠵᠢᠭᠠᠨ ᠰᠤᠷᠭᠠᠯᠳᠠ ᠶᠢᠨ ᠦᠯᠢᠭᠡᠷ ᠬᠡᠪ ᠪᠤᠯᠤᠨ᠎ᠠ᠃ ᠲᠡᠭᠦᠨ ᠤ ᠵᠠᠩᠭᠢᠯᠠᠭ᠎ᠠ ᠨᠢ ᠵᠢᠭᠠᠨ ᠰᠤᠷᠭᠠᠯᠳᠠ ᠶᠢᠨ ᠰᠢᠨ᠎ᠡ ᠤᠨᠤᠯ ᠢ ᠬᠡᠷᠬᠢᠨ ᠦᠢᠯᠡᠳᠦᠯᠭᠡᠵᠢᠭᠦᠯᠬᠦ ᠳᠤ ᠪᠤᠢ᠃ ᠮᠤᠩᠭ᠋ᠤᠯ ᠤᠯᠤᠰ ᠤᠨ ᠡᠷᠳᠡᠮᠳᠡᠨ ᠤᠶᠤᠨ ᠪᠠᠭᠰᠢ ᠶᠢᠨ ᠵᠢᠱᠢᠶᠡᠳᠦ ᠬᠢᠴᠢᠶᠡᠯ ᠳᠤ ᠤᠨᠤᠯ ᠤᠨ ᠵᠠᠳᠠᠯᠤᠯᠳᠠ ᠬᠢᠬᠦ ᠪᠡᠷ ᠲᠠᠮᠵᠢᠨ ᠮᠠᠨ ᠤ ᠤᠷᠤᠨ ᠤ ᠵᠢᠭᠠᠨ ᠰᠤᠷᠭᠠᠯᠳᠠ ᠶᠢᠨ ᠦᠭᠡᠷᠡᠴᠢᠯᠡᠯᠳᠡ ᠶᠢᠨ ᠦᠢᠯᠡᠳᠦᠯᠭᠡ ᠳᠤ ᠰᠤᠷᠤᠯᠴᠠᠭᠴᠢ ᠪᠡᠷ ᠲᠦᠪ ᠪᠤᠯᠭᠠᠬᠤ ᠵᠢᠭᠠᠨ ᠰᠤᠷᠭᠠᠯᠳᠠ ᠶᠢᠨ ᠤᠨᠤᠯ ᠤᠨ ᠰᠠᠭᠤᠷᠢ᠂ ᠮᠦᠨ ᠴᠢᠨᠠᠷ ᠤᠨ ᠠᠰᠠᠭᠤᠳᠠᠯ᠂ ᠪᠤᠳᠠᠳᠠᠢ᠌ᠵᠢᠭᠤᠯᠬᠤ ᠠᠷᠭ᠎ᠠ ᠪᠤᠳᠤᠯᠭ᠎ᠠ ᠵᠢᠴᠢ ᠲᠤᠷᠰᠢᠯᠭ᠎ᠠ ᠵᠡᠷᠭᠡ ᠠᠰᠠᠭᠤᠳᠠᠯ ᠤᠳ ᠢ ᠤᠯᠠᠮ ᠨᠢᠭᠡ ᠠᠯᠬᠤᠮ ᠲᠤᠳᠤᠷᠬᠠᠢ᠌ᠯᠠᠭᠰᠠᠨ ᠶᠤᠮ᠃ |
原文 |
查看原文
|
出自 |
内蒙古社会科学(蒙文版)
2016年
第1期
|