摘要 |
ᠴᠢᠩᠬᠢᠰ ᠬᠠᠭᠠᠨ ᠤ ᠮᠣᠩᠭᠣᠯ ᠰᠤᠶᠤᠯ ᠤᠨ ᠪᠦᠷᠢᠯᠳᠦᠯ ᠬᠦᠭ᠍ᠵᠢᠯ ᠳᠦ ᠳᠡᠪᠰᠬᠡᠷᠯᠡᠬᠦ ᠴᠢᠨᠠᠷ ᠪᠦᠬᠦᠢ ᠬᠤᠪᠢ ᠨᠡᠮᠡᠭᠦᠷᠢ ᠦᠵᠡᠭᠦᠯᠦᠭᠰᠡᠨ ᠪᠠ ᠳᠡᠯᠬᠡᠢ ᠶᠢᠨ ᠡᠯ᠎ᠡ ᠦᠨᠳᠦᠰᠦᠲᠡᠨ ᠦ ᠰᠤᠶᠤᠯ ᠤᠨ ᠰᠤᠯᠢᠯᠴᠠᠭ᠎ᠠ ᠬᠦᠭ᠍ᠵᠢᠯᠲᠡ ᠵᠢᠴᠢ ᠳᠡᠯᠬᠡᠢ ᠶᠢᠨ ᠲᠡᠦᠬᠡᠲᠦ ᠪᠠᠶᠢᠷᠢᠰᠢᠯ ᠳᠦ ᠦᠵᠡᠭᠦᠯᠦᠭᠰᠡᠨ ᠡᠷᠬᠢᠯᠲᠡ ᠶᠢᠨ ᠴᠢᠨᠠᠷ ᠲᠠᠢ ᠨᠦᠯᠦᠭᠡ ᠶᠢ ᠦᠨᠳᠦᠰᠦᠯᠡᠨ᠂ ᠲᠤᠰ ᠦᠭᠦᠯᠡᠯ ᠳᠦ ᠠᠩᠬ᠎ᠠ ᠤᠳᠠᠭ᠎ᠠ 《ᠴᠢᠩᠬᠢᠰ ᠤᠨ ᠰᠤᠶᠤᠯ》ᠭᠡᠰᠡᠨ ᠡᠨᠡ ᠬᠦ ᠮᠣᠩᠭᠣᠯ ᠰᠤᠶᠤᠯ ᠢ ᠰᠢᠨ᠎ᠡ ᠪᠡᠷ ᠬᠤᠷᠢᠶᠠᠩ᠋ᠭᠤᠶᠢᠯᠠᠨ ᠴᠢᠬᠤᠯᠠ ᠤᠬᠠᠭᠳᠠᠬᠤᠨ ᠢ ᠳᠤᠷᠠᠳᠪᠠ᠃ ᠲᠡᠭᠦᠨᠴᠢᠯᠡᠨ ᠡᠭᠦᠨ ᠢ ᠳᠤᠲᠤᠭᠠᠳᠤ ᠠᠭᠤᠯᠤᠭᠳᠠᠬᠤᠨ ᠪᠠ ᠭᠠᠳᠠᠭᠠᠳᠤ ᠠᠭᠤᠯᠬᠤᠨ ᠬᠤᠶᠠᠷ ᠲᠠᠯ᠎ᠠ ᠪᠠᠷ ᠤᠶᠠᠯᠳᠤᠭᠤᠯᠤᠨ ᠶᠡᠷᠦᠩᠬᠡᠶᠢᠯᠡᠨ ᠵᠠᠳᠠᠯᠵᠤ᠂ 《ᠴᠢᠩᠬᠢᠰ ᠤᠨ ᠰᠤᠶᠤᠯ》ᠨᠢ ᠤᠳᠤ ᠦᠶ᠎ᠡ ᠶᠢᠨ ᠠᠵᠤ ᠠᠬᠤᠢ ᠰᠤᠶᠤᠯ ᠤᠨ ᠳᠡᠯᠬᠡᠶᠢᠵᠢᠯᠲᠡ ᠶᠢᠨ ᠬᠠᠨᠳᠤᠰᠢ ᠱᠠᠭᠠᠷᠳᠠᠯᠭ᠎ᠠ ᠲᠠᠢ ᠬᠠᠷᠢᠯᠴᠠᠨ ᠨᠡᠶᠢᠴᠡᠵᠦ ᠪᠠᠶᠢᠬᠤ ᠶᠢ ᠲᠤᠳᠤᠷᠬᠠᠶᠢᠯᠠᠭᠰᠠᠨ ᠶᠤᠮ᠃ |