摘要 |
ᠮᠣᠩᠭ᠋ᠤᠯ ᠤᠷᠠᠨ ᠵᠤᠬᠢᠶᠠᠯ ᠤᠨ ᠬᠦᠭ᠍ᠵᠢᠯᠲᠡ ᠶᠢᠨ ᠪᠠᠢ᠌ᠳᠠᠯ ᠢ ᠰᠤᠳᠤᠯᠬᠤ ᠳᠤ ᠭᠠᠭᠴᠠᠭᠦ ᠵᠤᠬᠢᠶᠠᠨ ᠪᠦᠲᠦᠭᠡᠯᠭᠡ ᠶᠢᠨ ᠪᠤᠳᠠᠲᠤ ᠶᠠᠪᠤᠴᠠ ᠶᠢ ᠯᠠ ᠠᠩ᠋ᠬᠠᠷᠤᠭᠠᠳ ᠪᠠᠢ᠌ᠵᠤ ᠪᠤᠯᠬᠤ ᠦᠭᠡᠢ᠂ ᠣᠨᠣᠯ ᠰᠢᠭᠦᠮᠵᠢ ᠶᠢᠨ ᠴᠢᠨᠠᠷ ᠴᠢᠨᠰᠠᠭ᠎ᠠ᠂ ᠬᠠᠨᠳᠤᠯᠭ᠎ᠠ ᠴᠢᠭᠯᠡᠯ ᠢ ᠮᠦᠨ ᠴᠢᠬᠤᠯᠠ ᠵᠠᠩᠭᠢᠯᠠᠭ᠎ᠠ ᠪᠤᠯᠭᠠᠵᠤ ᠦᠵᠡᠪᠡᠯ ᠵᠤᠬᠢᠨ᠎ᠠ᠃ ᠲᠤᠰ ᠦᠭᠦᠯᠡᠯ ᠳᠦ ᠭᠤᠤᠯᠳᠠᠭᠤ ᠰᠦᠶᠦᠭᠡ ᠶᠢᠨ ᠰᠢᠭᠦᠮᠵᠢ ᠦᠭᠦᠯᠡᠯ ᠢ ᠠᠵᠢᠭᠯᠠᠯᠲᠠ ᠶᠢᠨ ᠴᠢᠭ᠌ ᠪᠤᠯᠭᠠᠨ ᠰᠤᠩᠭ᠋ᠤᠵᠤ ᠪᠤᠳᠠᠲᠠᠢ ᠵᠠᠳᠠᠯᠤᠯᠲᠠ ᠬᠢᠬᠦ ᠶᠢᠨ ᠬᠠᠮᠲᠤ ᠣᠳᠤᠬᠠᠨ ᠤ ᠮᠣᠩᠭ᠋ᠤᠯ ᠣᠨᠣᠯ ᠰᠢᠭᠦᠮᠵᠢ ᠶᠢᠨ ᠬᠦᠷᠢᠶᠡᠨ ᠳᠦ ᠣᠷᠤᠰᠢᠵᠤ ᠪᠠᠢ᠌ᠭ᠎ᠠ ᠠᠰᠠᠭᠤᠳᠠᠯ᠂ ᠣᠨᠴᠤᠭᠤᠢ᠌ᠯᠠᠨ ᠰᠢᠭᠦᠮᠵᠢᠯᠡᠭᠴᠢ ᠶᠢᠨ ᠪᠤᠯᠪᠠᠰᠤᠷᠠᠯ ᠤᠨ ᠠᠰᠠᠭᠤᠳᠠᠯ ᠳᠤ ᠬᠤᠯᠪᠤᠭᠳᠠᠭᠤᠯᠤᠨ ᠦᠵᠡᠯᠲᠡ ᠪᠡᠨ ᠳᠤᠷᠠᠳᠤᠭᠰᠠᠨ ᠪᠠᠢ᠌ᠨ᠎ᠠ᠃ |