论文信息


题名 ᠤᠶᠢᠷ᠎ᠠ ᠶᠢᠨ ᠵᠢᠯ ᠦᠨ ᠠᠮᠢ ᠠᠬᠤᠢ ᠶᠢᠨ ᠰᠤᠳᠤᠯᠤᠯ ᠤᠨ ᠲᠤᠬᠠᠢ ᠮᠦᠴᠢᠳ ᠦᠭᠦᠯᠡᠬᠦ ᠨᠢ
作者 ᠬᠠᠢ ᠴᠦᠨ ᠯᠢᠶᠠᠩ
关键词 ᠤᠶᠢᠷ᠎ᠠ ᠶᠢᠨ ᠵᠢᠯ; ᠠᠮᠢ ᠠᠬᠤᠢ ᠶᠢᠨ ᠰᠤᠤᠯᠤᠯ; ᠨᠤᠲᠤᠭ ᠪᠡᠯᠴᠢᠭᠡᠷ᠂ ᠤᠷᠤᠰᠢᠵᠤ ᠪᠠᠶᠢᠭ᠎ᠠ ᠠᠰᠠᠭᠤᠳᠠᠯ
摘要 ᠮᠠᠨ ᠤ ᠤᠯᠤᠰ ᠤᠨ ᠠᠮᠢ ᠠᠬᠤᠢ ᠤᠨᠴᠠᠭᠠᠶᠢᠯᠠᠨ ᠤᠶᠢᠷ᠎ᠠ ᠶᠢᠨ ᠵᠢᠯ ᠳᠦ ᠦᠪᠦᠷ ᠮᠤᠨᠭᠭᠤᠯ ᠤᠷᠤᠨ ᠤ ᠪᠠᠶᠢᠭᠠᠯᠢ ᠶᠢᠨ ᠤᠷᠴᠢᠨ ᠠᠬᠤᠢ ᠦᠩᠭᠡᠷᠡᠭᠰᠡᠨ ᠳᠦ ᠪᠠᠶᠢᠭ᠎ᠠ ᠦᠭᠡᠢ ᠦᠳᠳᠡᠷ ᠲᠦᠷᠭᠡᠨ ᠢᠶᠡᠷ ᠲᠠᠴᠢᠷᠳᠠᠨ ᠮᠠᠭᠤᠳᠠᠵᠤ᠂ ᠠᠮᠢ ᠠᠬᠤᠢ ᠲᠡᠩᠴᠡᠭᠦᠷᠢ ᠪᠡᠨ ᠠᠯᠳᠠᠭᠳᠠᠭᠰᠠᠨ ᠢ ᠡᠷᠳᠡᠮᠲᠡᠳ ᠰᠢᠷᠡᠵᠦ ᠮᠡᠳᠡᠨ ᠰᠤᠳᠤᠯᠭ᠎ᠠ ᠰᠢᠨᠨᠢᠯᠡᠭᠡ ᠬᠢᠵᠦ ᠡᠬᠢᠯᠡᠭᠰᠡᠨ ᠪᠠᠶᠢᠨ᠎ᠠ᠃ ᠤᠯᠠᠩᠭᠢ ᠡᠷᠳᠡᠮᠲᠡᠳ ᠰᠤᠳᠤᠯᠤᠯ ᠳᠠᠭᠠᠨ ᠠᠮᠢ ᠠᠬᠤᠢ ᠶᠢᠨ ᠲᠡᠩᠴᠡᠭᠦᠷᠢ ᠪᠡᠨ ᠠᠯᠳᠠᠭᠰᠠᠨ ᠢ ᠶᠡᠬᠡ ᠬᠡᠮᠵᠢᠶ᠎ᠡ ᠪᠡᠷ ᠪᠡᠯᠴᠢᠭᠡᠷ ᠬᠠᠭᠠᠯᠪᠤᠷᠢᠯᠠᠬᠤ᠂ ᠬᠦᠮᠦᠨ ᠠᠮᠠ ᠤᠯᠠᠰᠢᠷᠠᠬᠤ᠂ ᠡᠪᠡᠰᠦ ᠮᠤᠳᠤ ᠤᠭᠲᠤᠯᠬᠤ ᠪᠤᠶᠤ ᠡᠮ ᠦᠨ ᠦᠨᠳᠦᠰᠦ ᠮᠠᠯᠲᠠᠬᠤ ᠵᠡᠷᠭᠡ ᠡᠴᠡ ᠰᠢᠯᠲᠠᠭᠠᠯᠠᠭᠳᠠᠯ᠎ᠠ ᠭᠡᠵᠦ ᠦᠵᠡᠵᠦ ᠪᠤᠢ᠂ ᠬᠠᠷᠢᠨ ᠡᠨᠡ ᠦᠭᠦᠯᠡᠯ ᠳᠦ ᠪᠢ ᠠᠮᠢ ᠠᠬᠤᠢ ᠮᠠᠭᠤᠲᠠᠵᠤ ᠲᠠᠴᠢᠷᠳᠠᠭᠰᠠᠨ ᠤ ᠰᠢᠯᠲᠠᠭᠠᠨ ᠢ ᠪᠠᠶᠢᠭᠤᠯᠤᠮᠵᠢ ᠠᠴᠠ ᠪᠤᠯᠵᠠᠢ ᠭᠡᠬᠦ ᠵᠠᠷᠢᠮ ᠡᠷᠳᠡᠮᠲᠡᠳ ᠦᠨ ᠦᠵᠡᠯᠲᠡ ᠶᠢ ᠵᠦᠪᠰᠢᠶᠡᠷᠡᠵᠦ ᠪᠠᠶᠢᠭ᠎ᠠ ᠮᠦᠷᠲᠡᠭᠡᠨ ᠡᠨᠡ ᠨᠢ ᠬᠠᠷᠢᠨ ᠰᠢᠨ᠎ᠡ ᠳᠤᠷᠠᠳᠤᠯᠭ᠎ᠠ ᠪᠤᠯᠵᠤ᠂ ᠠᠵᠤ ᠠᠬᠤᠢ ᠶᠢᠨ ᠡᠭᠦᠳᠡᠨ ᠡᠴᠡ ᠭᠦᠨ ᠳᠠᠪᠬᠤᠷᠭ᠎ᠠ ᠳᠤᠨᠢ ᠬᠦᠷᠲᠡᠯ᠎ᠡ ᠬᠡᠷᠡᠭ ᠤᠴᠢᠷ ᠤᠨ ᠮᠦᠨ ᠴᠢᠨᠠᠷ ᠢ ᠢᠯᠡᠴᠢᠯᠡᠬᠦ ᠪᠡᠷ ᠰᠤᠳᠤᠯᠤᠭᠰᠠᠨ ᠰᠢᠨ᠎ᠡ ᠬᠠᠷᠠᠴᠠ ᠪᠤᠯᠤᠨ᠎ᠠ ᠭᠡᠵᠦ ᠦᠵᠡᠨ᠎ᠡ᠃
原文 查看原文
出自 中国蒙古学 2010年 第3期

联系我们


内蒙古大学图书馆
呼和浩特市大学西路235号
中国·内蒙古
P: (0471) 4992561
E: huangfeilong@imu.edu.cn