摘要 |
ᠲᠤᠰ ᠦᠭᠦᠯᠡᠯ ᠳ᠋ᠤ ᠨᠡᠷ ᠡ ᠲᠣᠮᠢᠶᠠᠨ ᠤ ᠪᠦᠬᠦᠢᠯᠡ ᠠᠵᠢᠯ ᠤᠨ ᠵᠣᠷᠢᠯᠭ᠎ᠠ ᠪᠣᠯ ᠨᠡᠷ ᠡ ᠲᠣᠮᠢᠶ ᠠ ᠵᠢ ᠲᠦᠭᠡᠮᠡᠯᠵᠢᠬᠦᠯᠵᠦ ᠬᠡᠯᠡᠨ ᠤ ᠬᠠᠷᠢᠯᠴᠠᠭᠠᠨ ᠤ ᠦᠢᠯᠡᠳᠦᠯ ᠢ ᠴᠢᠩᠭᠠᠳᠬᠠᠬᠤ ᠳ᠋ᠤ ᠣᠷᠤᠰᠢᠨ᠎ᠠ ᠬᠡᠮᠡᠨ ᠤᠨᠤᠯᠲᠠ ᠪᠠᠨ ᠲᠤᠷᠠᠳᠴᠤ᠂ ᠡᠨᠡᠬᠦ ᠵᠣᠷᠢᠯᠭ᠎ᠠ ᠳ᠋ᠤ ᠬᠦᠷᠬᠦ ᠶᠢᠨ ᠲᠦᠯᠦᠭᠡ ᠬᠡᠯᠡᠨ ᠤ ᠨᠡᠢᠭᠡᠮ ᠢ ᠦᠷᠭᠡᠳᠭᠡᠬᠦ ᠪᠠ ᠴᠢᠩᠭᠠᠳᠬᠠᠬᠤ ᠮᠣᠩᠭᠤᠯ ᠬᠡᠯᠡᠨ ᠤ ᠬᠡᠷᠡᠭᠯᠡᠭᠡ ᠵᠢ ᠴᠢᠩᠭᠠᠳᠬᠠᠬᠤ ᠶᠢᠨ ᠬᠠᠮᠲᠤ ᠨᠡᠷ ᠡ ᠲᠣᠮᠢᠶ ᠠ ᠵᠢ ᠵᠦᠪ ᠢᠢᠡᠷ ᠬᠡᠷᠡᠭᠡᠯᠵᠦ ᠦᠷᠭᠡᠨ ᠢᠢᠡᠷ ᠤᠬᠠᠭᠤᠯᠬᠤ ᠬᠡᠷᠡᠭᠲᠡᠢ᠂ᠮᠦᠨ ᠨᠠᠮ ᠤᠨ ᠦᠨᠳᠦᠰᠦᠲᠡᠨ ᠤ ᠲᠦᠷᠦ ᠶᠢᠨ ᠪᠣᠳᠤᠯᠭ᠎ᠠ ᠵᠢ ᠬᠦᠢᠴᠡᠳ ᠲᠤᠤᠱᠯᠠᠭᠤᠯᠬᠤ ᠬᠡᠷᠡᠭᠲᠡᠢ ᠭᠡᠰᠡᠨ ᠪᠦᠭᠡᠳ ᠬᠡᠯᠡ ᠰᠢᠨᠵᠢᠯᠡᠯ ᠤᠨ ᠠᠷᠭ᠎ᠠ ᠶᠢᠨ ᠬᠤᠪᠢ ᠳ᠋ᠤ ᠲᠤᠳᠤᠭᠠᠲᠤ ᠨᠤᠭᠤᠷᠠᠯ ᠤᠨ ᠠᠷᠭ᠎ᠠ ᠵᠢ ᠬᠡᠷᠡᠭᠡᠯᠵᠦ ᠬᠤᠯᠪᠤᠭ᠎ᠠ ᠦᠭᠡ ᠨᠡᠷ ᠡ ᠲᠣᠮᠢᠶ ᠡ ᠵᠢ ᠲᠤᠪᠴᠢᠯᠠᠵᠦᠠᠪᠰᠠᠷᠠᠬᠠᠨ ᠪᠣᠯᠭᠠᠬᠤ ᠭᠡᠰᠡᠨ ᠨᠢ ᠪᠦᠷ ᠰᠣᠨᠢᠷᠬᠠᠯᠲᠠᠢ ᠰᠢᠨ᠎ᠠ ᠦᠵᠯᠡᠲᠡ ᠪᠣᠯᠤᠭᠰᠠᠨ ᠪᠠᠢᠨ᠎ᠠ᠃ ᠤᠯᠠᠮᠵᠢᠯᠯᠠᠲᠤ ᠠᠷᠭ᠎ᠠ ᠵᠢ ᠬᠡᠷᠡᠭᠯᠡᠬᠦ ᠲᠠᠯ ᠠ ᠪᠡᠷ ᠴᠦ ᠨᠡᠯᠢᠶᠡᠳ ᠰᠢᠨ᠎ᠠ ᠵᠠᠳᠠᠯᠤᠯᠲᠠ ᠬᠢᠵᠡᠢ᠃ |