摘要 |
ᠣᠷᠴᠢᠨ ᠠᠬᠤᠢ ᠶᠢᠨ ᠰᠣᠷᠭᠠᠨ ᠬᠥᠮᠥᠵᠢᠯ ᠪᠤᠯ ᠬᠥᠮᠥᠰ ᠤᠨ ᠣᠷᠴᠢᠨ ᠠᠬᠤᠢ ᠶᠢᠨ ᠲᠤᠬᠠᠢ ᠦᠵᠡᠯ ᠳᠠᠨᠢᠯᠲᠠ ᠶᠢ ᠳᠡᠭᠡᠭ᠍ᠰᠢᠯᠡᠭᠦᠯᠵᠦ᠂ ᠳᠡᠳᠡᠨ ᠦ ᠦᠢᠯᠡ ᠠᠵᠢᠯᠯᠠᠭ᠎ᠠ ᠪᠠ ᠣᠷᠴᠢᠨ ᠠᠬᠤᠢ ᠶᠢᠨ ᠬᠠᠷᠢᠴᠠᠭ᠎ᠠ ᠶᠢ ᠵᠤᠬᠢᠴᠠᠭᠤᠯᠳᠠᠭ ᠬᠥᠮᠥᠨ ᠪᠤᠯᠤᠨ ᠪᠠᠢ᠌ᠭᠠᠯᠢ ᠶᠢᠨ ᠵᠤᠬᠢᠴᠠᠩᠭ᠋ᠤᠢ ᠬᠦᠭ᠍ᠵᠢᠯ ᠤᠨ ᠬᠥᠮᠥᠵᠢᠯ ᠢ ᠬᠦᠷᠳᠡᠭᠡᠳᠡᠭ ᠰᠣᠷᠭᠠᠨ ᠬᠥᠮᠥᠵᠢᠯ ᠶᠤᠮ᠃ ᠥᠭᠥᠯᠡᠯ ᠳᠤ ᠰᠣᠷᠣᠭᠴᠢᠳ ᠲᠤ ᠬᠥᠮᠥᠨ ᠦ ᠠᠵᠢᠯᠯᠠᠭ᠎ᠠ ᠪᠠ ᠣᠷᠴᠢᠨ ᠠᠬᠤᠢ ᠶᠢᠨ ᠬᠤᠭᠤᠷᠤᠨᠲᠤ ᠪᠡᠨ ᠦᠢᠯᠡᠴᠢᠯᠡᠭᠦᠯᠬᠦ ᠠᠰᠠᠭᠤᠳᠠᠯ ᠢ ᠤᠢ᠌ᠯᠠᠭᠠᠭᠤᠯᠤᠨ᠂ ᠬᠥᠮᠥᠨ ᠪᠤᠯᠤᠨ ᠣᠷᠴᠢᠨ ᠠᠬᠤᠢ ᠶᠢᠨ ᠵᠤᠬᠢᠴᠠᠩᠭ᠋ᠤᠢ ᠬᠦᠭ᠍ᠵᠢᠯᠲᠠ ᠶᠢᠨ ᠬᠦᠨᠳᠦ ᠴᠢᠬᠤᠯᠠ ᠠᠴᠢ ᠬᠤᠯᠪᠤᠭᠳᠠᠯ᠂ ᠤᠳᠬ᠎ᠠ ᠠᠭᠤᠯᠭ᠎ᠠ ᠵᠢᠴᠢ ᠲᠡᠭᠦᠨ ᠢ ᠬᠡᠷᠬᠢᠨ ᠪᠤᠳᠠᠳᠠᠢ᠌ᠴᠢᠯᠠᠨ ᠪᠡᠶᠡᠯᠡᠬᠦᠯᠬᠦ ᠠᠷᠭ᠎ᠠ ᠵᠠᠮ ᠢ ᠲᠤᠳᠤᠷᠬᠠᠢ᠌ᠯᠠᠨ᠂ ᠤᠷᠴᠢᠨ ᠠᠬᠤᠢ ᠶᠢ ᠬᠠᠮᠠᠭᠠᠯᠠᠨ ᠰᠠᠢ᠌ᠵᠢᠷᠠᠭᠤᠯᠬᠤ ᠦᠵᠡᠯ ᠤᠬᠠᠮᠰᠡᠷ᠂ ᠡᠷᠳᠡᠮ ᠴᠢᠳᠠᠪᠤᠷᠢ ᠂ ᠤᠷ ᠠ ᠮᠡᠷᠭᠡᠵᠢᠯ ᠲᠠᠢ ᠪᠤᠯᠭᠠᠨ ᠬᠦᠮᠦᠵᠢᠭᠦᠯᠭᠦ ᠬᠠᠷᠠᠯᠲᠠ ᠶᠢ ᠳᠤᠷᠠᠳᠤᠭᠰᠠᠨ ᠪᠠᠢ᠌ᠨ᠎ᠠ᠃ |