论文信息


题名 ᠬᠤᠷᠴᠢᠨ ᠲᠤᠤᠯᠢ ᠶᠢᠨ ᠦᠪᠡᠷᠮᠢᠴᠡ ᠰᠢᠨᠵᠢ ᠶᠢᠨ ᠲᠤᠬᠠᠢ ᠦᠭᠦᠯᠡᠬᠦ ᠨᠢ
作者 ᠵᠧᠤ ᠱᠤᠸᠠᠩ ᠰᠢ
关键词 ᠬᠤᠷᠴᠢᠨ; ᠲᠤᠤᠯᠢ; ᠦᠪᠡᠷᠮᠢᠴᠡ ᠰᠢᠨᠵᠢ
摘要 ᠮᠣᠩ᠋ᠭᠤᠯᠴᠤᠳ ᠤᠨ ᠡᠭᠦᠳᠦᠨ ᠪᠦᠲᠦᠭᠡᠵᠦ ᠤᠯᠠᠮᠵᠢᠯᠠᠵᠤ ᠢᠷᠡᠭᠰᠡᠨ ᠲᠤᠤᠯᠢ ᠶᠢᠨ ᠪᠠᠶᠠᠯᠢᠭ ᠦᠪ ᠨᠢ ᠮᠣᠩ᠋ᠭᠤᠯ ᠰᠤᠶᠤᠯ ᠤᠨ ᠰᠤᠳᠤᠨ ᠭᠠᠢ᠌ᠬᠠᠮᠰᠢᠭ ᠢ ᠬᠠᠷᠠᠭᠤᠯᠵᠤ᠂ ᠮᠣᠩ᠋ᠭᠤᠯᠴᠤᠳ ᠤᠨ ᠨᠡᠢ᠌ᠭᠡᠮ ᠲᠡᠦᠬᠡ ᠶᠢᠨ ᠴᠢᠬᠤᠯᠠ ᠨᠢᠭᠡᠨ ᠳᠤᠷᠠᠰᠬᠠᠯ ᠲᠡᠮᠳᠡᠭ ᠪᠤᠯᠤᠭᠰᠠᠭᠠᠷ ᠢᠷᠡᠵᠡᠢ᠃ ᠡᠭᠦᠨ ᠳᠦ ᠭᠠᠵᠠᠷ ᠨᠤᠲᠤᠭ ᠤᠨ ᠣᠨᠴᠠᠯᠢᠭ᠂ ᠤᠭᠰᠠᠭᠠᠲᠠᠨ ᠶᠠᠰᠤᠲᠠᠨ ᠤ ᠦᠪᠡᠷᠮᠢᠴᠡ ᠰᠢᠨᠵᠢ ᠡᠴᠡ ᠪᠤᠯᠵᠤ᠂ ᠨᠡᠢ᠌ᠲᠡ ᠮᠣᠩ᠋ᠭᠤᠯ ᠤᠨ ᠲᠤᠤᠯᠢ ᠶᠢᠨ ᠠᠭᠤᠯᠭ᠎ᠠ ᠬᠡᠯᠪᠡᠷᠢ ᠨᠢ ᠠᠯᠢ ᠣᠯᠠᠨ ᠲᠠᠯ᠎᠎ᠠ ᠪᠠᠷ ᠲᠠᠰᠤᠷᠠᠯᠲᠠ ᠦᠭᠡᠢ ᠬᠤᠪᠢᠰᠤᠨ ᠤᠯᠠᠷᠢᠵᠤ᠂ ᠪᠠᠶᠠᠯᠢᠭᠵᠢᠨ ᠴᠡᠴᠡᠭᠯᠡᠭᠰᠡᠭᠡᠷ ᠢᠷᠡᠭᠰᠡᠨ ᠪᠠᠢ᠌ᠨ᠎ᠠ᠃ ᠬᠡᠳᠦᠢ᠌ᠪᠡᠷ ᠭᠠᠵᠠᠷ ᠤᠨ ᠨᠡᠷᠡᠢ᠌ᠳᠦᠯ ᠳᠠᠭᠤᠳᠠᠯᠭ᠎ᠠ ᠨᠢ ᠠᠳᠠᠯᠢ ᠪᠰᠤ ᠪᠤᠯᠪᠠᠴᠤ ᠠᠷᠠᠳ ᠣᠯᠠᠨ ᠤ ᠪᠠᠭᠠᠲᠤᠷ ᠢᠳᠡᠳᠡᠨ ᠢᠶᠡᠨ ᠮᠠᠭᠲᠠᠨ ᠳᠠᠭᠤᠯᠠᠬᠤ᠂ ᠰᠠᠢ᠌ᠨ ᠰᠠᠢ᠌ᠬᠠᠨ ᠠᠮᠢᠳᠤᠷᠠᠯ ᠢ ᠬᠦᠰᠡᠨ ᠡᠷᠡᠮᠡᠯᠵᠡᠬᠦ ᠵᠡᠷᠭᠡ ᠠᠭᠤᠯᠭ᠎ᠠ ᠪᠠ ᠰᠢᠯᠦᠭᠯᠢᠭ᠌᠌ ᠢᠷᠠᠭᠤ ᠬᠡᠯᠡ ᠬᠡᠯᠡᠯᠭᠡ ᠨᠢ ᠤᠷᠭᠠᠨᠢᠭ ᠢᠶᠠᠷ ᠤᠶᠠᠯᠳᠤᠨ ᠨᠢᠭᠡᠳᠴᠦ᠂ ᠮᠣᠩ᠋ᠭᠤᠯ ᠠᠮᠠᠨ ᠵᠤᠬᠢᠶᠠᠯ ᠤᠨ ᠢᠶᠠᠨ ᠦᠪ ᠰᠤᠶᠤᠯ ᠤᠨ ᠴᠢᠬᠤᠯᠠ ᠪᠦᠷᠢᠯᠳᠦᠭᠦᠨ ᠬᠡᠰᠡᠭ ᠪᠤᠯᠤᠭᠰᠠᠨ ᠶᠤᠮ᠃ ᠦᠭᠦᠯᠡᠯ ᠳᠦ ᠂ ᠬᠤᠷᠴᠢᠨ ᠲᠤᠤᠯᠢ ᠶᠢᠨ ᠦᠪᠡᠷᠮᠢᠴᠡ ᠰᠢᠨᠵᠢ ᠶᠢ ᠠᠭᠤᠯᠭ᠎ᠠ ᠬᠡᠯᠪᠡᠷᠢ ᠶᠢᠨ ᠦᠪᠡᠷᠮᠢᠴᠡ ᠰᠢᠨᠵᠢ᠂ ᠣᠷᠤᠨ ᠨᠤᠲᠤᠭ ᠤᠨ ᠦᠪᠡᠷᠮᠢᠴᠡ ᠰᠢᠨᠵᠢ᠂ ᠳᠦᠷᠢ ᠲᠦᠷᠬᠦ ᠶᠢᠨ ᠦᠪᠡᠷᠮᠢᠴᠡ ᠰᠢᠨᠵᠢ ᠵᠡᠷᠭᠡ ᠲᠠᠯ᠎ᠠ ᠪᠠᠷ ᠦᠭᠦᠯᠡᠬᠦ ᠶᠢ ᠵᠤᠷᠢᠭᠰᠠᠨ ᠪᠠᠢ᠌ᠨ᠎ᠠ᠃
原文 查看原文
出自 中国蒙古学 2014年 第2期

联系我们


内蒙古大学图书馆
呼和浩特市大学西路235号
中国·内蒙古
P: (0471) 4992561
E: huangfeilong@imu.edu.cn