摘要 |
ᠤᠷᠤᠭ ᠬᠤᠷᠢᠮ ᠪᠤᠯ ᠡᠷᠡᠭᠲᠡᠢ ᠡᠮᠡᠭᠲᠡᠢ ᠶᠢᠨ ᠬᠤᠭᠤᠷᠤᠨᠳᠤᠬᠢ ᠨᠢᠭᠡ ᠵᠤᠢ᠌ᠯ ᠤᠨ ᠦᠪᠡᠷᠮᠢᠴᠡ ᠨᠡᠢ᠌ᠭᠡᠮ ᠦᠨ ᠬᠠᠷᠢᠴᠠᠭ᠎ᠠ ᠮᠦᠨ᠃ ᠮᠣᠩᠭ᠋ᠤᠯᠴᠤᠳ ᠡᠷᠲᠡᠨ ᠡᠴᠡ ᠡᠷᠡᠭᠲᠡᠢ ᠡᠮᠡᠭᠲᠡᠢ ᠶᠢᠨ ᠬᠤᠭᠤᠷᠤᠨᠳᠤᠬᠢ ᠤᠷᠤᠭ ᠬᠤᠷᠢᠮ ᠢ ᠨᠢᠭᠡ ᠬᠦᠮᠦᠨ ᠦ 《ᠪᠡᠶ᠎ᠡ ᠪᠦᠲᠦᠭ᠍ᠰᠡᠨ》 ᠦᠨᠳᠦᠰᠦᠨ ᠰᠢᠨᠵᠢ ᠲᠡᠮᠳᠡᠭ ᠪᠤᠯᠭᠠᠨ ᠦᠵᠡᠵᠦ᠂ ᠤᠷᠤᠭ ᠬᠤᠷᠢᠮ ᠢ ᠤᠯᠤᠰ ᠤᠨ ᠶᠡᠬᠡ ᠬᠡᠷᠡᠭ ᠶᠠᠪᠤᠳᠠᠯ ᠲᠠᠢ ᠬᠤᠯᠪᠤᠨ ᠣᠢ᠌ᠯᠠᠭᠠᠳᠠᠭ ᠵᠠᠩᠰᠢᠯ ᠲᠠᠢ᠃ ᠢᠩᠭᠢᠬᠦᠯᠡᠷ ᠮᠣᠩᠭ᠋ᠤᠯ ᠤᠨ ᠬᠠᠤᠯᠢ ᠴᠠᠭᠠᠵᠠ ᠲᠠᠢ ᠠᠳᠠᠯᠢ ᠪᠠᠷ᠂ ᠤᠷᠤᠭ ᠬᠤᠷᠢᠮ ᠳᠤ ᠴᠤ ᠠᠯᠢ ᠣᠯᠠᠨ ᠬᠠᠲᠠᠭᠤ ᠴᠢᠩᠭ᠋᠎ᠠ ᠴᠡᠭᠡᠷ ᠶᠤᠰᠤᠨ ᠪᠠᠢ᠌ᠳᠠᠭ ᠶᠤᠮ᠃ ᠵᠤᠬᠢᠶᠠᠭᠴᠢ ᠠᠴᠠ 《ᠮᠣᠩᠭ᠋ᠤᠯ ᠤᠨ ᠵᠠᠩ ᠠᠭᠠᠯᠢ ᠶᠢᠨ ᠣᠢ᠌ᠯᠠᠪᠤᠷᠢ》 ᠳᠠᠬᠢ ᠤᠷᠤᠭ ᠬᠤᠷᠢᠮ ᠤᠨ ᠶᠤᠰᠤ ᠰᠤᠷᠲᠠᠬᠤᠨ ᠤ ᠦᠵᠡᠯ ᠰᠨᠠᠠᠭ᠎ᠠ ᠶᠢ ᠵᠠᠳᠠᠯᠬᠤ ᠪᠠᠷ ᠳᠠᠮᠵᠢᠨ᠂ ᠣᠳᠣ ᠦᠶ᠎ᠡ ᠶᠢᠨ ᠬᠦᠮᠦᠰ ᠦᠨ ᠤᠷᠤᠭ ᠤᠨ ᠠᠮᠢᠳᠤᠷᠠᠯ ᠤᠨ ᠶᠠᠪᠤᠴᠠ ᠳᠠᠭᠠᠨ ᠡᠷᠬᠡᠪᠰᠢ ᠪᠠᠷᠢᠮᠲᠠᠯᠠᠪᠠᠰᠤ ᠵᠤᠬᠢᠬᠤ ᠵᠠᠷᠢᠮ ᠠᠰᠠᠭᠤᠳᠠᠯ ᠢ ᠳᠤᠷᠠᠳᠤᠭᠰᠠᠨ ᠪᠠᠢ᠌ᠭ᠎ᠠ᠃ ᠡᠭᠦᠨ ᠦ ᠵᠤᠷᠢᠯᠭ᠎ᠠ ᠨᠢ ᠤᠳᠤᠮ ᠤᠭᠰᠠᠭ᠎ᠠ ᠶᠢ ᠰᠠᠢ᠌ᠵᠢᠷᠠᠭᠤᠯᠬᠤ ᠪᠤᠯ ᠤᠯᠤᠰ ᠦᠨᠳᠦᠰᠦᠲᠡᠨ ᠦ ᠬᠦᠭ᠍ᠵᠢᠯ ᠮᠡᠨᠳᠦᠯ ᠳᠦ ᠤᠮᠳᠤᠭᠠᠢ᠌ᠯᠠᠵᠤ ᠪᠤᠯᠤᠰᠢ ᠦᠭᠡᠢ ᠴᠢᠬᠤᠯᠠ ᠠᠴᠢ ᠬᠤᠯᠪᠤᠭᠳᠠᠯ ᠲᠠᠢ ᠪᠠᠢ᠌ᠳᠠᠭ ᠭᠡᠰᠡᠨ ᠢ ᠲᠤᠳᠤᠷᠬᠠᠢ᠌ᠯᠠᠬᠤ ᠳᠤ ᠣᠷᠤᠰᠢᠨ᠎ᠠ᠃ |