摘要 |
《17 ᠵᠢᠯ》 ᠦᠨ ᠮᠣᠩᠭᠤᠯ ᠤᠳᠬ᠎ᠠ ᠵᠤᠬᠢᠶᠠᠯ ᠨᠢ ᠮᠣᠩᠭᠤᠯ ᠤᠳᠬ᠎ᠠ ᠵᠤᠬᠢᠶᠠᠯ ᠤᠨ ᠲᠤᠭᠤᠯᠤᠭᠰᠠᠨ ᠲᠡᠦᠬᠡᠨ ᠠᠶᠠᠨ ᠤ ᠴᠢᠬᠤᠯᠠ ᠪᠦᠷᠢᠯᠳᠦᠭᠦᠨ ᠪᠢᠯᠡ᠃ ᠲᠡᠷᠡ ᠨᠢ ᠲᠤᠬᠠᠢ ᠶᠢᠨ ᠦᠶ᠎ᠡ ᠶᠢᠨ ᠮᠣᠩᠭᠤᠯ ᠤᠳᠬ᠎ᠠ ᠵᠤᠬᠢᠶᠠᠯ ᠤᠨ ᠣᠷᠤᠰᠢᠬᠤ ᠬᠡᠯᠪᠡᠷᠢ ᠶᠢᠨ ᠰᠤᠷᠠᠭ ᠵᠠᠩᠭᠢ ᠪᠠ ᠤᠳᠬ᠎ᠠ ᠵᠤᠬᠢᠶᠠᠯ ᠤᠨ ᠤᠯᠤᠰ ᠲᠦᠷᠦ᠂ ᠠᠵᠤ ᠠᠬᠤᠢ᠂ ᠰᠤᠶᠤᠯ ᠤᠯᠠᠮᠵᠢᠯᠠᠯ ᠵᠡᠷᠭᠡ ᠠᠯᠢ ᠣᠯᠠᠨ ᠬᠦᠴᠦᠨ ᠯᠦᠭᠡ ᠪᠠᠷᠢᠯᠳᠤᠨ ᠲᠦᠰᠢᠯᠴᠡᠭᠰᠡᠨ ᠬᠠᠷᠢᠴᠠᠭ᠎ᠠ ᠬᠤᠯᠪᠤᠭ᠎ᠠ ᠶᠢ ᠳᠠᠩᠰᠠᠯᠠᠨ ᠲᠡᠮᠳᠡᠭᠯᠡᠵᠦ᠂ ᠣᠳᠣ ᠦᠶ᠎ᠡ ᠶᠢᠨ ᠤᠳᠬ᠎ᠠ ᠵᠤᠬᠢᠶᠠᠯ ᠤᠨ ᠰᠤᠳᠤᠯᠭᠠᠨ ᠳᠤ ᠡᠯᠪᠡᠭ ᠣᠯᠠᠨ ᠨᠦᠬᠡᠴᠡ ᠮᠠᠲ᠋ᠧᠷᠢᠶᠠᠯ ᠢ ᠬᠠᠩᠭᠠᠵᠤ ᠪᠠᠢᠳᠠᠭ᠃ 《17 ᠵᠢᠯ》 ᠦᠨ ᠮᠣᠩᠭᠤᠯ ᠤᠳᠬ᠎ᠠ ᠵᠤᠬᠢᠶᠠᠯ ᠨᠢ ᠰᠤᠳᠤᠯᠤᠭᠴᠢᠳ ᠤᠨ ᠠᠩᠬᠠᠷᠤᠨ ᠬᠠᠯᠠᠮᠵᠢᠯᠠᠭᠰᠠᠭᠠᠷ ᠢᠷᠡᠭᠰᠡᠨ ᠰᠡᠳᠦᠪ ᠪᠠᠢᠵᠤ᠂ ᠠᠩᠬ᠎ᠠ ᠨᠢᠭᠡᠨ ᠡᠬᠢᠨ ᠦ ᠳᠠᠷᠬᠠᠢ ᠪᠤᠳᠠᠷᠬᠠᠢ ᠲᠧᠺᠰᠲ ᠦᠨ ᠰᠢᠨᠵᠢᠯᠡᠭᠡᠨ ᠡᠴᠡ ᠲᠤᠰᠠᠭᠠᠷ ᠨᠢᠭᠡ ᠰᠢᠨᠵᠢᠯᠡᠭᠡᠨ ᠦ ᠰᠡᠳᠦᠪ ᠪᠤᠯᠵᠤ ᠲᠤᠭᠲᠠᠪᠤᠷᠢᠵᠢᠨ᠂ ᠣᠳᠣ ᠦᠶ᠎ᠡ ᠶᠢᠨ ᠮᠣᠩᠭᠤᠯ ᠤᠳᠬ᠎ᠠ ᠵᠤᠬᠢᠶᠠᠯ ᠤᠨ ᠰᠤᠳᠤᠯᠭᠠᠨ ᠤ ᠴᠢᠬᠤᠯᠠ ᠪᠦᠷᠢᠯᠳᠦᠴᠡ ᠶᠢᠨ ᠬᠤᠪᠢ ᠪᠠᠷ ᠲᠤᠬᠠᠢ ᠶᠢᠨ ᠦᠶ᠎ᠡ ᠶᠢᠨ ᠮᠣᠩᠭᠤᠯ ᠤᠳᠬ᠎ᠠ ᠵᠤᠬᠢᠶᠠᠯ ᠢ ᠣᠨᠴᠠᠭᠠᠢ ᠲᠡᠦᠬᠡ ᠶᠢᠨ ᠦᠵᠡᠮᠦᠷᠢ ᠪᠡᠷ ᠤᠳᠬ᠎ᠠ ᠵᠤᠬᠢᠶᠠᠯ ᠤᠨ ᠲᠡᠦᠬᠡᠨ ᠳᠦ ᠬᠠᠳᠠᠭᠠᠯᠠᠨ ᠲᠡᠮᠳᠡᠭᠯᠡᠵᠦ ᠪᠠᠢᠭ᠎ᠠ ᠶᠤᠮ᠃ |