题名 |
ᠮᠣᠩᠭᠤᠯ ᠬᠢᠲᠠᠳ ᠡᠸᠦ᠋ᠷᠦᠫᠡ ᠡᠮᠨᠡᠯᠭᠡ ᠪᠡᠷ ᠲᠠᠷᠢᠬᠢᠨ ᠦ ᠪᠦᠯᠦᠭᠨᠡᠯ ᠢ ᠵᠠᠰᠠᠵᠤ ᠡᠮᠴᠢᠯᠡᠭᠡᠨ ᠦ ᠠᠴᠢ ᠲᠤᠰᠠ ᠶᠢ ᠦᠨᠡᠯᠡᠭᠰᠡᠨ ᠪᠠᠷᠢᠮᠵᠢᠶ᠎ᠠ ᠶᠢᠨ ᠲᠤᠬᠠᠢ ᠬᠤᠷᠢᠶᠠᠩ᠋ᠭᠤᠢ ᠲᠠᠨᠢᠯᠴᠠᠭᠤᠯᠭ᠎ᠠ |
作者 |
ᠪᠤᠤ ᠵᠢᠨ ᠷᠦᠩ; ᠡᠷᠳᠡᠨᠢᠴᠢᠯᠠᠭᠤ |
关键词 |
ᠮᠣᠩᠭᠤᠯ ᠡᠮᠨᠡᠯᠭᠡ; ᠬᠢᠲᠠᠳ ᠡᠮᠨᠡᠯᠭᠡ; ᠡᠸᠦ᠋ᠷᠦᠫᠡ ᠡᠮᠨᠡᠯᠭᠡ; ᠲᠠᠷᠢᠬᠢᠨ ᠦ ᠪᠦᠯᠦᠩᠨᠡᠯ; ᠡᠮᠴᠢᠯᠡᠭᠡᠨ ᠦ ᠠᠴᠢ ᠲᠤᠰᠠ ᠶᠢ ᠦᠨᠡᠯᠡᠭᠰᠡᠨ ᠪᠠᠷᠢᠮᠵᠢᠶ᠎ᠠ |
摘要 |
ᠮᠣᠩᠭᠤᠯ ᠡᠮᠨᠡᠯᠭᠡ ᠶᠢᠨ ᠳᠠᠪᠠᠭᠤᠯᠢᠭ ᠲᠠᠯ᠎ᠠ ᠶᠢ ᠪᠠᠳᠠᠷᠠᠭᠤᠯᠤᠨ ᠡᠮᠴᠢᠯᠡᠭᠡᠨ ᠦ ᠠᠴᠢ ᠲᠤᠰᠠ ᠶᠢ ᠦᠨᠡᠯᠡᠬᠦ ᠪᠠᠷᠢᠮᠵᠢᠶ᠎ᠠ ᠶᠢ ᠨᠢᠭᠡᠲᠦᠯᠲᠡᠢ ᠪᠤᠯᠭᠠᠨ᠂ ᠡᠮᠴᠢᠯᠡᠭᠡᠨ ᠦ ᠦᠷ᠎ᠡ ᠳ᠋ᠦᠩ ᠢ ᠣᠯᠠᠨ (ᠳᠡᠯᠡᠬᠡᠢ) ᠨᠡᠢ᠌ᠲᠡ ᠳᠦ ᠢᠲᠡᠭᠡᠭᠦᠯᠬᠦ ᠬᠦᠴᠦᠨ ᠢᠶᠡᠷ ᠴᠢᠩ᠋ᠭ᠎ᠠ ᠪᠤᠯᠭᠠᠬᠤ ᠵᠤᠷᠢᠯᠭ᠎ᠠ ᠠᠴ ᠲᠤᠰ ᠰᠡᠳᠦᠪ ᠢ ᠰᠤᠩ᠋ᠭᠤᠪᠠ᠃ ᠡᠷᠭᠢᠴᠡᠭᠦᠯᠦᠯ ᠦᠨ ᠴᠢᠨᠠᠷᠲᠠᠢ ᠵᠠᠳᠠᠯᠤᠨ ᠰᠢᠨᠵᠢᠯᠡᠬᠦ ᠪᠡᠷ ᠳᠠᠮᠵᠢᠨ ᠡᠸᠦ᠋ᠷᠦᠫᠡ ᠡᠮᠨᠡᠯᠭᠡ ᠪᠡᠷ ᠲᠠᠷᠢᠬᠢᠨ ᠤ ᠪᠦᠯᠦᠩᠨᠡᠯ ᠢ ᠡᠮᠨᠡᠨ ᠵᠠᠰᠠᠭᠰᠠᠨ ᠲᠤᠬᠠᠢ 2001 ~ 2009 ᠣᠨ ᠤ ᠬᠤᠭᠤᠷᠤᠨᠳᠤᠬᠢ ᠮᠡᠳᠡᠭᠡᠯᠡᠯ ᠡᠴᠡ 59 ᠬᠠᠭᠤᠳᠠᠰᠤ᠂ ᠬᠢᠲᠠᠳ᠂ ᠬᠢᠲᠠᠳ ᠡᠸᠦ᠋ᠷᠦᠫᠡ ᠡᠮᠨᠡᠯᠭᠡ ᠶᠢ ᠤᠶᠠᠯᠳᠤᠭᠤᠯᠤᠨ ᠲᠠᠷᠢᠬᠢᠨ ᠦ ᠪᠦᠯᠦᠩᠨᠡᠯ ᠢ ᠡᠮᠨᠡᠨ ᠵᠠᠰᠠᠭᠰᠠᠨ ᠲᠤᠬᠠᠢ 2001 ~ 2009 ᠣᠨ ᠤ ᠬᠤᠭᠤᠷᠤᠨᠳᠤᠬᠢ ᠮᠡᠳᠡᠭᠡᠯᠡᠯ ᠡᠴᠡ 14 ᠬᠠᠭᠤᠳᠠᠰᠤ ᠶᠢ ᠲᠤᠰ ᠲᠤᠰ ᠰᠤᠩ᠋ᠭᠤᠵᠤ ᠡᠮᠴᠢᠯᠡᠭᠡᠨ ᠦ ᠠᠴᠢ ᠲᠤᠰᠠ ᠶᠢ ᠦᠨᠡᠯᠡᠭᠰᠡᠨ ᠪᠠᠷᠢᠮᠵᠢᠶ᠎ᠠ ᠶᠢᠨ ᠲᠤᠬᠠᠢ ᠬᠤᠷᠢᠶᠠᠩ᠋ᠭᠤᠢ᠌ᠯᠠᠨ ᠳ᠋ᠦᠩᠨᠡᠵᠦ ᠬᠠᠷᠢᠴᠠᠭᠤᠯᠤᠨ ᠠᠳᠠᠯᠢᠳᠬᠠᠪᠠ᠃ ᠡᠭᠦᠨ ᠦ ᠳ᠋ᠦᠩ ᠳᠦ ᠂ ᠡᠸᠦ᠋ᠷᠦᠫᠡ ᠡᠮᠨᠡᠯᠭᠡ ᠶᠢᠨ ᠡᠮᠴᠢᠯᠡᠭᠡᠨ ᠦ ᠠᠴᠢ ᠲᠤᠰᠠ ᠶᠢ ᠦᠨᠡᠯᠡᠭᠰᠡᠨ ᠪᠠᠷᠢᠮᠵᠢᠶ᠎ᠠ ᠨᠢ ᠢᠲᠡᠭᠦᠯᠬᠦ ᠬᠦᠴᠦᠨ ᠢᠶᠡᠷ ᠴᠢᠩ᠋ᠭ᠎ᠠ ᠪᠠᠢ᠌ᠵᠤ᠂ ᠮᠣᠩ᠋ᠭᠤᠯ ᠡᠮᠨᠡᠯᠭᠡ ᠶᠢᠨ ᠬᠢᠨ ᠦ ᠳᠡᠯᠡᠬᠡᠢ ᠨᠡᠢ᠌ᠲᠡ ᠪᠡᠷ ᠢᠶᠡᠨ ᠵᠦᠪᠰᠢᠶᠡᠷᠡᠵᠦ ᠪᠠᠢ᠌ᠭ᠎ᠠ ᠡᠮᠴᠢᠯᠡᠭᠡᠨ ᠦ ᠠᠴᠢ ᠲᠤᠰᠠ ᠶᠢ ᠦᠨᠡᠯᠡᠬᠦ ᠪᠠᠷᠢᠮᠵᠢᠶ᠎ᠠ ᠶᠤᠰᠤᠭᠠᠷ ᠦᠨᠡᠯᠡᠭᠰᠡᠨ ᠮᠡᠳᠡᠭᠡᠯᠡᠯ ᠮᠠᠰᠢ ᠴᠦᠬᠡᠨ ᠪᠦᠭᠡᠳ ᠲᠦᠯᠦᠪᠯᠡᠭᠰᠡᠨ ᠠᠷᠭ᠎ᠠ᠂ ᠬᠤᠪᠢ ᠲᠡᠮᠳᠡᠭᠯᠡᠭᠰᠡᠨ ᠪᠠᠷᠢᠮᠵᠢᠶ᠎ᠠ ᠨᠢ ᠪᠠᠷᠢᠮᠲᠠ ᠶᠢ ᠮᠦᠷᠲᠡᠭᠦᠢ ᠠᠨᠠᠭᠠᠬᠤ ᠤᠬᠠᠭᠠᠨ ᠤ ᠱᠠᠭᠠᠷᠳᠠᠯᠭ᠎ᠠ ᠳᠤ ᠨᠡᠢ᠌ᠴᠡᠬᠦ ᠦᠭᠡᠢ ᠪᠠᠢ᠌ᠵᠤ᠂ ᠳ᠋ᠦᠩᠨᠡᠯᠲᠡ ᠨᠢ ᠢᠲᠡᠭᠡᠭᠦᠯᠬᠦ ᠬᠦᠴᠦᠨ ᠢᠶᠡᠷ ᠠᠨᠠᠢ ᠪᠠᠢ᠌ᠨ᠎ᠠ᠃ |
原文 |
查看原文
|
出自 |
内蒙古民族大学学报(蒙医药学)
2011年
第1期
|