论文信息


题名 ᠤᠷᠭᠠᠨᠢᠭ ᠬᠢᠮᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤ ᠨᠡᠢᠯᠡᠯᠭᠡ ᠶᠢᠨ ᠲᠤᠷᠰᠢᠯᠲᠠ ᠶᠢᠨ ᠦᠭᠡᠷᠡᠴᠢᠯᠡᠯᠲᠡ ᠪᠡᠷ ᠳᠠᠮᠵᠢᠨ ᠤᠰᠤᠨ ᠤ ᠡᠬᠢ ᠪᠠᠶᠠᠯᠢᠭ ᠢ ᠠᠷᠪᠢᠯᠠᠬᠤ ᠨᠢ
作者 ᠠᠭᠤᠯᠠ; ᠤᠶᠤᠨ
关键词 ᠤᠷᠭᠠᠨᠢᠭ ᠬᠢᠮᠢ; ᠨᠡᠢᠯᠡᠯᠭᠡ ᠶᠢᠨ ᠲᠤᠷᠰᠢᠯᠲᠠ; ᠦᠭᠡᠷᠡᠴᠢᠯᠡᠯᠲᠡ ᠨᠡᠷᠡᠬᠦ; ᠤᠰᠤ ᠠᠷᠪᠢᠯᠠᠬᠤ
摘要 ᠤᠷᠭᠠᠨᠢᠭ ᠬᠢᠮᠢ ᠶᠢᠨ ᠨᠡᠢᠯᠡᠯᠭᠡ ᠶᠢᠨ ᠲᠤᠷᠰᠢᠯᠲᠠ ᠶᠢᠨ ᠵᠢᠭᠠᠨ ᠰᠤᠷᠭᠠᠯᠲᠠ ᠨᠢ ᠬᠢᠮᠢ ᠶᠢᠨ ᠰᠤᠷᠭᠠᠨ ᠬᠦᠮᠦᠵᠢᠯ ᠦᠨ ᠲᠤᠰᠬᠠᠢ ᠮᠡᠷᠭᠡᠵᠢᠯ ᠦᠨ ᠤᠶᠤᠲᠠᠳ ᠲᠤ ᠲᠤᠰᠬᠠᠢ ᠮᠡᠷᠭᠡᠵᠢᠯ ᠦᠨ ᠮᠡᠳᠡᠯᠭᠡ ᠶᠢ ᠭᠦᠨᠵᠡᠭᠡᠶᠢᠷᠡᠭᠦᠯᠬᠦ ᠪᠡᠷ ᠪᠠᠢᠬᠤ ᠦᠭᠡᠢ᠂ ᠰᠢᠨ᠎ᠡ ᠬᠢᠴᠢᠶᠡᠯᠡᠯᠭᠡ ᠶᠢᠨ ᠦᠭᠡᠷᠡᠴᠢᠯᠡᠯᠲᠡ ᠳᠡᠬᠢ ᠪᠠᠭᠰᠢ ᠶᠢᠨ ᠦᠨᠳᠦᠰᠦᠨ ᠬᠡᠪ ᠴᠢᠨᠠᠷ ᠤᠨ ᠱᠠᠭᠠᠷᠳᠠᠯᠭ᠎ᠠ ᠶᠢ ᠬᠦᠮᠦᠵᠢᠭᠦᠯᠬᠦ ᠦᠢᠯᠡᠳᠦᠯ ᠲᠡᠢ ᠶᠤᠮ᠃ ᠤᠷᠭᠠᠨᠢᠭ ᠬᠢᠮᠢ ᠶᠢᠨ ᠨᠡᠢᠯᠡᠯᠭᠡ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤᠮᠳᠠ ᠤᠷᠤᠯᠳᠤᠯᠭ᠎ᠠ ᠳᠤ ᠣᠷᠤᠯᠴᠠᠬᠤ ᠬᠦᠮᠦᠨ ᠦ ᠲᠤᠭ᠎ᠠ ᠣᠯᠠᠨ ᠨᠡᠷᠡᠬᠦ ᠪᠠᠢᠵᠤ᠂ ᠪᠤᠴᠠᠭᠠᠨ ᠤᠷᠤᠰᠬᠠᠬᠤ ᠵᠡᠷᠭᠡ ᠶᠠᠪᠤᠴᠠ ᠪᠠᠷ ᠤᠰᠤ ᠬᠡᠷᠡᠭᠰᠡᠬᠦ ᠤᠴᠢᠷ ᠠᠴᠠ ᠤᠰᠤᠨ ᠤ ᠡᠬᠢ ᠪᠠᠶᠠᠯᠢᠭ ᠢ ᠰᠦᠢᠳᠭᠡᠬᠦ ᠦᠵᠡᠭᠳᠡᠯ ᠭᠠᠷᠳᠠᠭ᠃ ᠲᠤᠰ ᠦᠭᠦᠯᠡᠯ ᠨᠢ ᠴᠠᠭᠠᠷᠢᠭ ᠾᠧᠺᠰᠧᠨ ᠢ ᠭᠠᠷᠭᠠᠨ ᠠᠪᠬᠤ ᠲᠤᠷᠰᠢᠯᠲᠠ ᠶᠢᠨ ᠦᠭᠡᠷᠡᠴᠢᠯᠡᠯᠲᠡ ᠪᠡᠷ ᠳᠠᠮᠵᠢᠨ᠂ ᠤᠷᠭᠠᠨᠢᠭ ᠬᠢᠮᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠳᠤᠮᠳᠠ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠬᠤ ᠨᠢᠭᠡᠨ ᠠᠷᠭ᠎ᠠ ᠶᠢ ᠦᠭᠴᠦ᠂ ᠡᠭᠦᠨ ᠢᠶᠡᠷ ᠳᠠᠮᠵᠢᠨ ᠰᠤᠷᠤᠭᠴᠢᠳ ᠤᠨ ᠰᠢᠨ᠎ᠡ ᠶᠢ ᠡᠭᠦᠳᠬᠦ ᠵᠤᠷᠢᠭ ᠰᠠᠨᠠᠭ᠎ᠠ ᠬᠢᠭᠡᠳ ᠡᠬᠡ ᠪᠠᠢᠭᠠᠯᠢ ᠶᠢ ᠬᠠᠮᠠᠭᠠᠯᠠᠬᠤ ᠦᠵᠡᠯ ᠤᠬᠠᠮᠰᠠᠷ ᠢ ᠬᠦᠮᠦᠵᠢᠭᠦᠯᠬᠦ ᠬᠡᠮᠡᠨ ᠰᠠᠨᠠᠭᠠᠴᠢᠯᠠᠪᠠ᠃
原文 没有原文
出自 内蒙古师范大学学报(自然科学蒙古文版) 2012年 第2期

联系我们


内蒙古大学图书馆
呼和浩特市大学西路235号
中国·内蒙古
P: (0471) 4992561
E: huangfeilong@imu.edu.cn