论文信息


题名 ᠬᠠᠭᠤᠷᠮᠠᠭ ᠮᠣᠩ᠋ᠭᠤᠯ ᠬᠢᠵᠠᠭᠠᠷ ᠤᠨ ᠵᠠᠰᠠᠭ ᠤᠨ ᠭᠠᠵᠠᠷ ᠤᠨ ᠬᠡᠷᠡᠭᠵᠢᠭᠦᠯᠦᠭᠰᠡᠨ ᠰᠢᠷ᠎ᠠ ᠶᠢᠨ ᠱᠠᠰᠢᠨ ᠤ ᠦᠭᠡᠷᠡᠴᠢᠯᠡᠯᠲᠡ ᠶᠢ ᠲᠤᠪᠴᠢ ᠦᠭᠦᠯᠡᠬᠦ ᠨᠢ
作者 ᠴᠧᠩ ᠴᠧᠩ
关键词 ᠬᠠᠭᠤᠷᠮᠠᠭ ᠮᠣᠩ᠋ᠭᠤᠯ ᠬᠢᠵᠠᠭᠠᠷ; ᠵᠠᠰᠠᠭ ᠤᠨ ᠭᠠᠵᠠᠷ; ᠰᠢᠷ᠎ᠠ ᠶᠢᠨ ᠱᠠᠰᠢᠨ; ᠦᠭᠡᠷᠡᠴᠢᠯᠡᠯᠲᠡ
摘要 ᠮᠣᠩ᠋ᠭᠤᠯ ᠬᠢᠵᠠᠭᠠᠷ ᠤᠨ ᠵᠠᠰᠠᠭ ᠤᠨ ᠭᠠᠵᠠᠷ ᠨᠢ ᠦᠪᠦᠷ ᠮᠣᠩ᠋ᠭᠤᠯ ᠤᠨ ᠪᠠᠷᠠᠭᠤᠨ ᠬᠡᠰᠡᠭ ᠣᠷᠤᠨ ᠳᠤ ᠪᠤᠢ ᠪᠤᠯᠤᠭᠰᠠᠨ ᠣᠷᠤᠨ ᠨᠤᠲᠤᠭ ᠤᠨ ᠵᠠᠰᠠᠭ ᠤᠨ ᠭᠠᠵᠠᠷ ᠤᠨ ᠬᠤᠪᠢ ᠳᠤ᠂ ᠳᠤᠮᠳᠠᠳᠤ ᠢᠷᠭᠡᠨ ᠤᠯᠤᠰ ᠤᠨ ᠦᠪᠦᠷ ᠮᠣᠩ᠋ᠭᠤᠯ ᠳᠤ ᠬᠡᠷᠡᠭᠵᠢᠭᠦᠯᠵᠦ ᠪᠠᠢ᠌ᠭᠰᠠᠨ 《ᠱᠠᠰᠢᠨ ᠲᠦᠷᠦ ᠶᠢ ᠰᠠᠯᠭᠠᠨ ᠵᠠᠰᠠᠬᠤ》ᠲᠦᠷᠦ ᠶᠢᠨ ᠪᠤᠳᠤᠯᠭ᠎ᠠ ᠶᠢ ᠦᠨᠳᠦᠰᠦᠨ ᠳᠤᠨᠢ ᠬᠦᠯᠢᠶᠡᠨ ᠬᠡᠷᠡᠭᠵᠢᠭᠦᠯᠦᠭᠰᠡᠨ ᠢᠶᠡᠷ ᠪᠠᠷᠠᠬᠤ ᠦᠭᠡᠢ᠂ ᠶᠠᠫᠤᠨ ᠡᠵᠡᠷᠬᠡᠭ᠌ ᠳᠦᠷᠢᠮᠡᠭᠡᠢ᠌ᠲᠡᠨ ᠦ ᠯᠠᠮᠠ ᠶᠢᠨ ᠱᠠᠰᠢᠨ ᠤ ᠦᠭᠡᠷᠡᠴᠢᠯᠡᠯᠲᠡ ᠶᠢᠨ ᠪᠤᠳᠤᠯᠭ᠎ᠠ ᠶᠢ ᠴᠤ ᠬᠦᠯᠢᠶᠡᠨ ᠠᠪᠴᠤ᠂ ᠴᠢᠩ ᠤᠯᠤᠰ ᠤᠨ ᠦᠶ᠎ᠡ ᠶᠢᠨ ᠰᠢᠷ᠎ᠠ ᠶᠢᠨ ᠱᠠᠰᠢᠨ ᠤ ᠲᠤᠬᠠᠢ ᠬᠠᠭᠴᠢᠨ ᠳᠦᠷᠢᠮ ᠲᠤᠭᠠᠳᠠᠭᠠᠯ ᠢ ᠨᠢ ᠦᠭᠡᠢ᠌ᠰᠭᠡᠬᠦ ᠪᠤᠶᠤ ᠦᠭᠡᠷᠡᠴᠢᠯᠡᠬᠦ ᠠᠯᠢ ᠣᠯᠠᠨ ᠪᠤᠳᠠᠲᠠᠢ ᠠᠷᠭ᠎ᠠ ᠬᠡᠮᠵᠢᠶ᠎ᠡ ᠠᠪᠴᠤ ᠪᠠᠢ᠌ᠵᠠᠢ᠃ ᠲᠡᠢ᠌ᠨ ᠭᠦ ᠦᠪᠦᠷ ᠮᠣᠩ᠋ᠭᠤᠯ ᠤᠨ ᠪᠠᠷᠠᠭᠤᠨ ᠬᠡᠰᠡᠭ ᠣᠷᠤᠨ ᠳᠠᠬᠢ ᠰᠢᠷ᠎ᠠ ᠶᠢᠨ ᠱᠠᠰᠢᠨ ᠤ ᠤᠯᠤᠰ ᠲᠦᠷᠦ᠂ ᠠᠵᠤ ᠠᠬᠤᠢ᠂ ᠰᠤᠶᠤᠯ ᠤᠨ ᠲᠠᠯ᠎ᠠ ᠶᠢᠨ ᠣᠨᠴᠠᠭᠠᠢ ᠪᠠᠢ᠌ᠷᠢ ᠰᠠᠭᠤᠷᠢ ᠨᠢ ᠭᠤᠢ᠌ᠪᠠᠯᠵᠠᠵᠤ᠂ ᠣᠷᠴᠢᠨ ᠦᠶ᠎ᠡ ᠶᠢᠨ ᠲᠤᠬᠠᠢ ᠶᠢᠨ ᠣᠷᠤᠨ ᠤ ᠨᠡᠢ᠌ᠭᠡᠮ ᠦᠨ ᠲᠤᠭᠲᠠᠯᠴᠠᠭ᠎ᠠ ᠳᠠᠬᠢ ᠰᠢᠷ᠎ᠠ ᠶᠢᠨ ᠱᠠᠰᠢᠨ ᠤ ᠢᠷᠭᠡᠨᠰᠢᠯ ᠦᠨ ᠶᠠᠪᠤᠴᠠ ᠶᠢ ᠲᠦᠷᠭᠡᠳᠭᠡᠭ᠍ᠰᠡᠨ ᠪᠠᠢ᠌ᠨ᠎ᠠ᠃
原文 查看原文
出自 中国蒙古学 2013年 第1期

联系我们


内蒙古大学图书馆
呼和浩特市大学西路235号
中国·内蒙古
P: (0471) 4992561
E: huangfeilong@imu.edu.cn