题名 |
ᠰᠢᠯᠭᠠᠯᠲᠠ ᠶᠢᠨ ᠰᠡᠳᠦᠪ ᠢ ᠦᠨᠡᠯᠡᠨ ᠵᠠᠳᠠᠯᠬᠤ ᠤᠷ᠎ᠠ ᠮᠡᠷᠭᠡᠰᠢᠯ ᠤᠨ ᠲᠤᠬᠠᠢ |
作者 |
ᠬᠤᠸᠠᠩ ᠳ᠋ᠠ ᠶᠢᠩ |
关键词 |
ᠰᠢᠯᠭᠠᠯᠲᠠ ᠶᠢᠨ ᠵᠠᠳᠠᠯᠤᠯᠲᠠ; ᠤᠷ᠎ᠠ ᠮᠡᠷᠭᠡᠰᠢᠯ; ᠰᠤᠷᠭᠠᠨ ᠬᠦᠮᠦᠵᠢᠯ ᠦᠨ ᠦᠨᠡᠯᠡᠯᠲᠡ; ᠰᠤᠷᠤᠭᠴᠢ ᠶᠢᠨ ᠬᠢᠷᠢ ᠬᠡᠮᠵᠢᠶ᠎ᠡ; ᠬᠢᠴᠢᠶᠡᠯ ᠦᠨ ᠪᠠᠷᠢᠮᠵᠢᠶ᠎ᠠ |
摘要 |
ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠪᠠᠢᠳᠠᠯ ᠠᠴᠠ᠂ ᠪᠢᠳᠡ ᠦᠨᠡᠯᠡᠯᠲᠡ ᠬᠢᠬᠦ ᠶᠢ ᠰᠤᠷᠤᠭᠴᠢᠳ ᠤᠨ ᠳᠠᠪᠰᠢᠯᠲᠠ᠂ ᠵᠢᠭᠠᠨ ᠰᠤᠷᠭᠠᠬᠤ ᠵᠤᠷᠢᠯᠭ᠎ᠠ ᠳᠠᠭᠠᠨ ᠬᠦᠷᠬᠦ ᠬᠢᠷᠢ ᠬᠡᠮᠵᠢᠶᠡᠨ ᠦ ᠲᠤᠬᠠᠢ ᠰᠢᠰᠲ᠋ᠧᠮᠴᠢᠯᠡᠨ ᠵᠠᠳᠠᠯᠬᠤ ᠶᠠᠪᠤᠴᠠ ᠭᠡᠵᠦ ᠦᠵᠡᠵᠦ ᠪᠤᠯᠤᠨ᠎ᠠ᠃ ᠡᠨᠡ ᠬᠦ ᠰᠢᠰᠲ᠋ᠧᠮᠴᠢᠯᠡᠨ ᠵᠠᠳᠠᠯᠬᠤ ᠶᠠᠪᠤᠴᠠ ᠳᠤ ᠪᠢᠳᠡ ᠰᠢᠯᠭᠠᠨ ᠪᠠᠢᠴᠠᠭᠠᠬᠤ ᠪᠤᠶᠤ ᠪᠤᠰᠤᠳ ᠣᠯᠠᠨ ᠶᠠᠩᠵᠤ ᠶᠢᠨ ᠠᠷᠭ᠎ᠠ ᠪᠠᠷ ᠵᠠᠳᠠᠯᠤᠨ ᠬᠤᠷᠠᠮᠳᠤᠭᠤᠯᠬᠤ ᠬᠢᠭᠡᠳ ᠲᠠᠢᠯᠪᠤᠷᠢᠯᠠᠨ ᠲᠤᠭᠠᠴᠢᠬᠤ ᠰᠤᠷᠠᠭ ᠵᠠᠩᠭᠢ ᠶᠢᠨ ᠮᠠᠲ᠋ᠧᠷᠢᠶᠠᠯ ᠢ ᠴᠤᠭᠯᠠᠭᠤᠯᠵᠤ᠂ ᠦᠷ᠎ᠡ ᠳ᠋ᠦᠩ ᠳᠦᠨᠢ ᠦᠷᠲᠡᠭ ᠦᠨ ᠵᠠᠳᠠᠯᠤᠯᠲᠠ ᠪᠠ ᠨᠤᠲᠠᠯᠠᠯᠲᠠ ᠬᠢᠭᠡᠳ᠃ ᠰᠤᠷᠭᠠᠨ ᠬᠦᠮᠦᠵᠢᠯ ᠦᠨ ᠦᠨᠡᠯᠡᠯᠲᠡ ᠳᠦ ᠰᠢᠯᠭᠠᠯᠲᠠ ᠨᠢ ᠬᠡᠳᠦᠢᠪᠡᠷ ᠦᠨᠡᠯᠡᠯᠲᠡ ᠶᠢᠨ ᠳᠤᠮᠳᠠᠬᠢ ᠨᠢᠭᠡ ᠲᠦᠷᠦᠯ ᠦᠨ ᠬᠡᠯᠪᠡᠷᠢ ᠪᠤᠯᠬᠤ ᠪᠤᠯᠪᠠᠴᠤ ᠰᠤᠷᠤᠭᠴᠢᠳ ᠤᠨ ᠬᠢᠴᠢᠶᠡᠯ ᠲᠦᠷᠦᠯ ᠦᠨ ᠦᠨᠳᠦᠰᠦᠨ ᠮᠡᠳᠡᠯᠭᠡ ᠶᠢ ᠡᠵᠡᠮᠰᠢᠭᠰᠡᠨ ᠪᠠᠢᠳᠠᠯ᠂ ᠦᠨᠳᠦᠰᠦᠨ ᠣᠨᠣᠯ᠂ ᠦᠨᠳᠦᠰᠦᠨ ᠴᠢᠳᠠᠪᠤᠷᠢ ᠶᠢ ᠪᠦᠷᠢᠯᠳᠦᠭᠦᠯᠦᠭᠰᠡᠨ ᠪᠠᠢᠳᠠᠯ ᠢ ᠬᠢᠨᠠᠨ ᠪᠠᠢᠴᠠᠭᠠᠬᠤ ᠲᠠᠯ᠎ᠠ ᠪᠠᠷ ᠨᠡᠯᠢᠶᠡᠳ ᠡᠷᠬᠡ ᠲᠡᠭᠰᠢ᠂ ᠨᠡᠯᠢᠶᠡᠳ ᠦᠷ᠎ᠡ ᠪᠦᠲᠦᠮᠵᠢᠲᠡᠢ ᠠᠷᠭ᠎ᠠ ᠪᠤᠯᠬᠤ ᠶᠤᠮ᠃ ᠲᠤᠰ ᠦᠭᠦᠯᠡᠯ ᠳᠦ ᠰᠢᠯᠭᠠᠯᠲᠠ ᠶᠢᠨ ᠰᠡᠳᠦᠪ ᠢ ᠦᠨᠡᠯᠡᠨ ᠵᠠᠳᠠᠯᠠᠬᠤ (ᠦᠭᠦᠯᠡᠯ ᠳᠦ ᠰᠢᠯᠭᠠᠯᠲᠠ ᠶᠢᠨ ᠵᠠᠳᠠᠯᠤᠯᠲᠠ ᠭᠡᠵᠦ ᠳᠦᠭᠦᠮᠴᠢᠯᠡᠪᠡ) ᠶᠢᠨ ᠤᠬᠠᠭᠳᠠᠬᠤᠨ᠂ ᠣᠨᠴᠠᠯᠢᠭ᠂ ᠲᠦᠷᠦᠯ ᠵᠤᠢᠯ᠂ ᠠᠷᠭ᠎ᠠ ᠬᠡᠯᠪᠡᠷᠢ᠂ ᠰᠢᠯᠭᠠᠯᠲᠠ ᠶᠢᠨ ᠵᠠᠳᠠᠯᠤᠯᠲᠠ ᠪᠢᠴᠢᠬᠦ ᠠᠷᠭ᠎ᠠ ᠪᠠᠷᠢᠯ ᠵᠡᠷᠭᠡ ᠲᠠᠯ᠎ᠠ ᠪᠠᠷ ᠰᠢᠯᠭᠠᠯᠲᠠ ᠶᠢᠨ ᠰᠡᠳᠦᠪ ᠢ ᠦᠨᠡᠯᠡᠨ ᠵᠠᠳᠠᠯᠬᠤ ᠤᠷ᠎ᠠ ᠮᠡᠷᠭᠡᠰᠢᠯ ᠢ ᠢᠯᠡᠷᠡᠭᠦᠯᠬᠦ ᠪᠡᠷ ᠵᠤᠷᠢᠵᠠᠢ᠃ |
原文 |
没有原文
|
出自 |
内蒙古师范大学学报(自然科学蒙古文版)
2013年
第4期
|