摘要 |
ᠮᠠᠨᠢᠪᠠᠳᠠᠷᠠ ᠪᠤᠯ ᠲᠡᠯᠡᠬᠡᠢ ᠶᠢᠨ ᠬᠤᠶᠠᠳᠤᠭᠠᠷ ᠲᠠᠢ᠌ᠨ ᠤ ᠲᠠᠷᠠᠭᠠᠬᠢ ᠵᠡᠭᠦᠨ ᠮᠤᠩᠭ᠋ᠤᠯ ᠤᠨ ᠦᠨᠳᠦᠰᠦᠳᠡᠨ ᠤ ᠬᠦᠳᠡᠯᠭᠡᠭᠡᠨ ᠤ ᠤᠳᠤᠷᠢᠳᠤᠭᠴᠢ ᠶᠢᠨ ᠨᠢᠭᠡ ᠶᠤᠮ᠃ ᠲᠡᠷᠡ ᠪᠡᠷ ᠤᠷᠤᠭ᠎ᠠ ᠪᠤᠰᠬᠠᠭ᠎ᠠ ᠲᠡᠦᠬᠡᠨ ᠴᠠᠭ ᠦᠶ᠎ᠡ ᠳᠤ ᠠᠮᠢᠳᠤᠷᠠᠵᠤ ᠪᠠᠢ᠌ᠭᠰᠠᠨ ᠡᠴᠡ᠂ ᠵᠡᠭᠦᠨ ᠮᠤᠩᠭ᠋ᠤᠯ ᠳᠤ ᠭᠠᠷᠴᠤ ᠪᠠᠢ᠌ᠭᠰᠠᠨ ᠡᠭᠡᠳᠡᠷᠡᠭᠡ ᠲᠠᠢ ᠤᠯᠠᠨ ᠦᠢᠯᠡ ᠶᠠᠪᠤᠳᠠᠯ ᠢ ᠪᠡᠶ᠎ᠡ ᠪᠡᠷ ᠶᠢᠡᠨ ᠲᠤᠭᠤᠯᠵᠠᠢ᠃ ᠭᠡᠳᠡᠯ᠎ᠡ ᠲᠡᠭᠦᠨ ᠤ ᠲᠤᠬᠠᠢ ᠲᠡᠦᠬᠡᠨ ᠰᠤᠷᠪᠤᠯᠵᠢ ᠬᠤᠮᠰᠠ ᠪᠠᠢ᠌ᠳᠠᠭ ᠡᠴᠡ ᠠᠮᠢᠳᠤᠷᠠᠯ᠂ ᠦᠢᠯᠡ ᠠᠵᠢᠯᠯᠠᠭᠠᠨ ᠢ ᠨᠢ ᠪᠦᠷᠢᠨ ᠪᠦᠳᠦᠨ ᠶᠢᠡᠷ ᠪᠢᠴᠢᠬᠦ ᠳᠤ ᠬᠦᠴᠢᠷ ᠲᠠᠢ᠃ ᠲᠤᠰ ᠦᠭᠦᠯᠡᠯ ᠳᠤ ᠲᠤᠮᠳᠠᠳᠤ ᠤᠯᠤᠰ ᠤᠨ ᠲᠡᠦᠬᠡ ᠶᠢᠨ ᠬᠤᠶᠠᠳᠤᠭᠠᠷ ᠠᠷᠭᠢᠪ ᠤᠨ ᠵᠠᠷᠢᠮ ᠲᠠᠩᠰᠠ᠂ ᠬᠤᠯᠪᠤᠭᠳᠠᠯ ᠪᠦᠬᠦᠢ ᠬᠢᠳᠠᠳ ᠰᠤᠨᠢᠨ ᠪᠤᠯᠤᠨ ᠪᠤᠶᠠᠨᠮᠠᠨᠳᠤᠬᠤ᠂ ᠰᠢᠶᠦ᠋ᠩ ᠱᠢ ᠾᠦᠢ ᠵᠡᠷᠭᠡ ᠬᠦᠮᠦᠰ ᠤᠨ ᠲᠤᠷᠠᠳᠬᠠᠯ ᠵᠡᠷᠭᠡ ᠶᠢ ᠠᠰᠢᠭᠯᠠᠵᠤ᠂ 1946 ᠤᠨ ᠤ ᠦᠶ᠎ᠡ ᠮᠠᠨᠢᠪᠠᠳᠠᠷᠠ ᠶᠢᠨ ᠲᠤᠬᠠᠢ ᠰᠢᠨᠵᠢᠯᠡᠨ ᠰᠤᠳᠤᠯᠬᠤ ᠪᠡᠷ ᠲᠡᠮᠵᠢᠨ ᠵᠡᠭᠦᠨ ᠮᠤᠩᠭ᠋ᠤᠯ ᠤᠨ ᠦᠪᠡᠷᠳᠡᠭᠡᠨ ᠵᠠᠰᠠᠬᠤ ᠶᠢ ᠭᠤᠶᠤᠴᠢᠯᠠᠭᠰᠠᠨ ᠠᠵᠢᠯᠯᠠᠭ᠎ᠠ ᠶᠢ ᠰᠢᠨᠵᠢᠯᠡᠨ ᠲᠤᠳᠤᠷᠠᠭᠤᠬᠤ ᠶᠢ ᠵᠤᠷᠢᠵᠠᠢ᠃ |