论文信息


题名 ᠣᠷᠴᠢᠨ ᠠᠬᠤᠢ ᠶᠢᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠲᠤ ᠨᠤᠭᠤᠭᠠᠯᠢᠭ ᠬᠠᠮᠢᠶᠠᠷᠤᠯᠲᠠ ᠬᠢᠬᠦ ᠲᠤᠬᠠᠢ
作者 ᠴᠧᠨ ᠰᠠᠷᠠᠨ᠎ᠠ
关键词 ᠣᠷᠴᠢᠨ ᠠᠬᠤᠢ ᠶᠢᠨ ᠢᠨᠵᠧᠨᠧᠷᠢᠩ ᠤᠨ ᠲᠤᠷᠰᠢᠯᠲᠠ ᠶᠢᠨ ᠲᠠᠰᠤᠭ; ᠨᠤᠭᠤᠭᠠᠵᠢᠭᠤᠯᠤᠯᠲᠠ; ᠬᠠᠮᠢᠶᠠᠷᠤᠯᠲᠠ ᠶᠢᠨ ᠠᠷᠭ᠎ᠠ
摘要 ᠶᠡᠬᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠪᠤᠯ ᠪᠠᠭᠰᠢ ᠰᠤᠷᠤᠭᠴᠢᠳ ᠤᠨ ᠲᠤᠷᠰᠢᠯᠲᠠ ᠪᠤᠯᠤᠨ ᠰᠤᠳᠤᠯᠭᠠᠨ ᠬᠢᠬᠦ ᠴᠢᠬᠤᠯᠠ ᠲᠠᠯᠠᠪᠤᠷ ᠮᠦᠷᠲᠡᠭᠡᠨ ᠪᠤᠬᠢᠷ ᠪᠤᠳᠠᠰ ᠢ ᠡᠭᠦᠰᠭᠡᠬᠦ ᠪᠤᠯᠤᠨ ᠲᠠᠯᠪᠢᠨ ᠭᠠᠷᠭᠠᠬᠤ ᠣᠷᠤᠨ ᠪᠤᠯᠤᠨ᠎ᠠ᠃ ᠲᠠᠯᠪᠢᠨ ᠭᠠᠷᠭᠠᠭᠰᠠᠨ ᠪᠤᠬᠢᠷ ᠪᠤᠳᠠᠰ ᠢ ᠵᠤᠬᠢᠰ ᠦᠭᠡᠢ ᠰᠢᠢᠳᠪᠦᠷᠢᠯᠡᠪᠡᠯ ᠣᠷᠴᠢᠨ ᠠᠬᠤᠢ ᠳᠤ ᠲᠤᠩ ᠬᠦᠨᠳᠦ ᠨᠤᠴᠢᠲᠠᠢ ᠪᠤᠬᠢᠷᠲᠤᠭᠤᠯᠤᠯ ᠢ ᠠᠪᠴᠢᠷᠠᠵᠤ ᠦᠭᠬᠦ ᠪᠤᠯᠤᠨ᠎ᠠ᠃ ᠡᠢᠮᠦ ᠡᠴᠡ ᠶᠡᠬᠡ ᠳᠡᠭᠡᠳᠦ ᠰᠤᠷᠭᠠᠭᠤᠯᠢ ᠶᠢᠨ ᠲᠤᠷᠰᠢᠯᠲᠠ ᠶᠢᠨ ᠲᠠᠰᠤᠭ ᠲᠤ ᠨᠤᠭᠤᠭᠠᠯᠢᠭ ᠬᠠᠮᠢᠶᠠᠷᠤᠯᠲᠠ ᠬᠢᠬᠦ ᠪᠤᠯ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠦᠭᠵᠢᠯᠲᠡ ᠶᠢᠨ ᠵᠠᠢᠯᠠᠰᠢ ᠦᠭᠡᠢ ᠬᠠᠨᠳᠤᠰᠢ ᠮᠦᠷᠲᠡᠭᠡᠨ ᠰᠢᠨ᠎ᠡ ᠴᠠᠭ ᠡᠷᠢᠨ ᠦ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠤᠳᠤᠯᠭᠠᠨ ᠤ ᠰᠢᠨ᠎ᠡ ᠰᠡᠳᠦᠪ ᠪᠤᠯᠬᠤ ᠶᠤᠮ᠃ ᠣᠷᠴᠢᠨ ᠠᠬᠤᠢ ᠶᠢᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠤᠨ ᠣᠳᠣᠬᠢ ᠪᠠᠢᠳᠠᠯ ᠳᠤ ᠰᠠᠭᠤᠷᠢᠯᠠᠨ᠂ ᠲᠤᠷᠰᠢᠯᠲᠠ ᠶᠢᠨ ᠪᠠᠭᠠᠵᠢ ᠲᠭᠦᠭᠡᠷᠦᠮᠵᠢ ᠶᠢᠨ ᠬᠠᠮᠢᠶᠠᠷᠤᠯᠲᠠ᠂ ᠲᠤᠷᠰᠢᠯᠲᠠ ᠶᠢᠨ ᠤᠷᠪᠠᠯᠵᠢ ᠶᠢᠨ ᠬᠠᠮᠢᠶᠠᠷᠤᠯᠲᠠ᠂ ᠬᠠᠶᠠᠭᠳᠠᠮᠠᠯ ᠪᠤᠳᠠᠰ ᠤᠨ ᠬᠠᠮᠢᠶᠠᠷᠤᠯᠲᠠ ᠵᠢᠴᠢ ᠲᠤᠷᠰᠢᠯᠲᠠ ᠪᠡᠯᠡᠳᠭᠡᠬᠦ ᠪᠤᠯᠤᠨ ᠲᠤᠷᠰᠢᠯᠲᠠ ᠶᠢᠨ ᠠᠷᠭ᠎ᠠ ᠶᠢ ᠰᠤᠩᠭᠤᠬᠤ ᠵᠡᠷᠭᠡ ᠬᠡᠳᠦᠨ ᠲᠠᠯ᠎ᠠ ᠠᠴᠠ ᠣᠷᠴᠢᠨ ᠠᠬᠤᠢ ᠶᠢᠨ ᠢᠨᠵᠧᠨᠧᠷᠢᠩ ᠤᠨ ᠲᠤᠷᠰᠢᠯᠲᠠ ᠶᠢᠨ ᠲᠠᠰᠤᠭ ᠲᠤ ᠨᠤᠭᠤᠭᠠᠯᠢᠭ ᠬᠠᠮᠢᠶᠠᠷᠤᠯᠲᠠ ᠬᠢᠬᠦ ᠲᠤᠬᠠᠢ ᠶᠢᠨ ᠬᠠᠢᠨ ᠰᠦᠪᠡᠭᠴᠢᠯᠡᠯᠲᠡ ᠬᠢᠪᠡᠯ ᠵᠤᠬᠢᠨ᠎ᠠ᠃
原文 没有原文
出自 蒙古学研究 2015年 第4期

联系我们


内蒙古大学图书馆
呼和浩特市大学西路235号
中国·内蒙古
P: (0471) 4992561
E: huangfeilong@imu.edu.cn