题名 |
ᠪᠣᠳᠠᠰᠴᠢ ᠬᠤᠪᠢᠰᠤᠩᠭᠤᠢ ᠠᠷᠭ᠎ᠠ ᠶᠢᠨ ᠦᠵᠡᠯᠲᠡ ᠪᠡᠷ ᠦᠪᠦᠷ ᠮᠣᠩᠭᠤᠯ ᠤᠨ ᠪᠣᠳᠠᠳᠤ ᠪᠠᠢᠳᠠᠯ ᠲᠠᠢ ᠤᠶᠠᠯᠳᠤᠭᠤᠯᠵᠤ ᠤᠢ ᠰᠢᠭᠤᠢ ᠶᠢᠨ ᠲᠡᠭᠡᠳᠦ ᠰᠤᠷᠭᠠᠭᠤᠯᠢ ᠵᠢ ᠰᠠᠢᠨ ᠡᠷᠬᠢᠯᠡᠬᠦ ᠲᠣᠬᠠᠢ ᠲᠤᠷᠰᠢᠨ ᠦᠭᠦᠯᠡᠬᠦ ᠨᠢ |
作者 |
ᠬᠡᠷᠡᠯᠦᠨ |
关键词 |
ᠪᠣᠳᠠᠰᠴᠢ ᠬᠤᠪᠢᠰᠤᠩᠭᠤᠢ ᠠᠷᠭ᠎ᠠ ;ᠦᠵᠡᠯᠲᠡ |
摘要 |
ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦᠲᠡ ᠬᠤᠷᠠᠯᠳᠤᠭᠠᠨ ᠡᠴᠡ ᠨᠠᠰᠢᠬᠢ ᠱᠤᠭᠤᠮ ᠴᠢᠭᠯᠡᠯᠲᠡ ᠨᠢ ᠲᠤᠮᠳᠠᠳᠤ ᠤᠯᠤᠰ ᠤᠨ ᠪᠣᠳᠠᠳᠤ ᠪᠠᠢᠳᠠᠯ ᠡᠴᠡ ᠡᠭᠦᠰᠴᠦ᠂ ᠲᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠢ ᠪᠦᠲᠦᠭᠡᠨ ᠪᠠᠢᠭᠤᠯᠬᠤ ᠶᠠᠪᠤᠳᠠᠯ ᠪᠣᠯᠤᠨ᠎ᠠ᠃ ᠡᠨᠡ ᠪᠡᠯ ᠮᠠᠨ ᠤ ᠤᠯᠤᠰ ᠤᠨ ᠡᠯ ᠠ ᠵᠦᠢᠯ ᠤᠨ ᠪᠦᠲᠦᠭᠡᠨ ᠪᠠᠢᠭᠤᠯᠤᠯᠲᠠ ᠶᠢᠨ ᠦᠢᠯᠡᠰ ᠢ ᠵᠢᠯᠤᠭᠤᠳᠬᠤ ᠶᠡᠷᠦᠩᠬᠡᠢ ᠵᠠᠷᠢᠴᠮ ᠮᠦᠨ᠃《ᠤᠢ ᠰᠢᠭᠤᠢ ᠮᠠᠯ ᠠᠵᠤ ᠠᠬᠤᠢ ᠪᠡᠷ ᠭᠤᠤᠯ ᠪᠣᠯᠭᠠᠵᠤ ᠤᠯᠠᠨ ᠵᠦᠢᠯ ᠢ ᠡᠵᠡᠩᠨᠡᠨ᠂ ᠪᠦᠬᠦ ᠲᠠᠯ ᠠ ᠪᠡᠷ ᠬᠦᠭᠵᠢᠬᠦᠯᠬᠦ》ᠦᠪᠦᠷ ᠮᠣᠩᠭᠤᠯ ᠤᠨ ᠠᠵᠤ ᠠᠬᠤᠢ ᠶᠢᠨ ᠪᠦᠲᠦᠭᠡᠨ ᠪᠠᠢᠭᠤᠯᠤᠯᠲᠠ ᠶᠢᠨ ᠴᠢᠭᠯᠡᠯᠲᠡ ᠨᠢ ᠦᠪᠦᠷ ᠮᠣᠩᠭᠤᠯ ᠤᠨ ᠪᠣᠳᠠᠳᠤ ᠪᠠᠢᠳᠠᠯ ᠡᠴᠡ ᠡᠭᠦᠰᠦᠭᠰᠡᠨ ᠶᠣᠮ᠃ ᠪᠢᠳᠡ ᠡᠷᠭᠡᠪᠰᠢ ᠬᠢᠨᠠᠮᠠᠭᠠᠢ ᠰᠤᠷᠤᠯᠴᠠᠨ᠂ ᠨᠠᠷᠢᠨ ᠬᠢᠨᠠᠮᠠᠭᠠᠢ ᠪᠡᠷ ᠡᠨᠡᠬᠦ ᠴᠢᠭᠯᠡᠯᠲᠡ ᠵᠢ ᠲᠤᠤᠱᠯᠠᠭᠤᠯᠬᠤ ᠭᠡᠷᠡᠭᠲᠡᠢ᠃ ᠡᠨᠡᠬᠦ ᠴᠢᠭᠯᠡᠯᠲᠡ ᠵᠢ ᠲᠤᠤᠱᠯᠠᠭᠤᠯᠤᠨ᠂ ᠤᠢ ᠰᠢᠭᠤᠢ ᠶᠢᠨ ᠲᠡᠭᠡᠳᠦ ᠰᠤᠷᠭᠠᠭᠤᠯᠢ ᠵᠢ ᠰᠠᠢᠨ ᠡᠷᠬᠢᠯᠡᠵᠦ᠂ ᠤᠢ ᠰᠢᠭᠤᠢ ᠶᠢᠨ ᠴᠢᠳᠠᠪᠤᠷᠢᠲᠠᠨ ᠢ ᠶᠡᠬᠡ ᠬᠡᠮᠵᠢᠶ ᠠ ᠪᠡᠷ ᠬᠦᠮᠦᠵᠢᠬᠦᠯᠬᠦ ᠪᠣᠯ ᠮᠠᠨ ᠤ ᠤᠢ ᠰᠢᠭᠤᠢ ᠶᠢᠨ ᠲᠡᠭᠡᠳᠦ ᠰᠤᠷᠭᠠᠭᠤᠯᠢ ᠶᠢᠨ ᠴᠢᠬᠤᠯᠠ ᠨᠢᠭᠡᠨ ᠡᠭᠦᠷᠭᠡ ᠮᠦᠨ᠃ ᠡᠢᠮᠦ ᠡᠴᠡ ᠂ ᠦᠩᠭᠡᠷᠡᠭᠰᠡᠨ ᠤ ᠲᠤᠷᠰᠢᠯᠭ ᠠ ᠪᠠᠨ ᠳ᠋ᠦᠩᠨᠡᠵᠦ᠂ ᠤᠢ ᠰᠢᠭᠤᠢ ᠶᠢᠨ ᠲᠡᠭᠡᠳᠦ ᠰᠤᠷᠭᠠᠭᠤᠯᠢ ᠶᠢᠨ ᠦᠭᠡᠷᠡᠴᠢᠯᠡᠯᠲᠡ ᠶᠢᠨ ᠠᠯᠬᠤᠮ ᠢ ᠲᠦᠷᠭᠡᠳᠭᠡᠵᠦ᠂ ᠦᠪᠦᠷ ᠮᠣᠩᠭᠤᠯ ᠤᠢ ᠰᠢᠭᠤᠢ ᠶᠢᠨ ᠪᠦᠲᠦᠭᠡᠨ ᠪᠠᠢᠭᠤᠯᠤᠯᠲᠠ ᠶᠢᠨ ᠬᠡᠷᠡᠭᠴᠡᠭᠡ ᠲᠠᠢ ᠵᠣᠬᠢᠴᠠᠭᠤᠯᠤᠨ᠎ᠠ᠃ |
原文 |
没有原文
|
出自 |
内蒙古师范大学学报
1987年
第4期
|