论文信息


题名 ᠪᠦᠬᠦ ᠲᠠᠯ᠎᠎ᠠ ᠪᠠᠷ ᠪᠡᠯᠴᠢᠭᠡᠷᠯᠡᠨ ᠮᠠᠯᠵᠢᠬᠤ ᠶᠢ ᠵᠤᠭᠰᠠᠭᠠᠭᠰᠠᠨ ᠠᠴᠠ ᠨᠠᠭᠠᠰᠢ ᠬᠢ ᠮᠠᠯᠴᠢᠳ ᠤᠨ ᠣᠷᠤᠯᠭ᠎ᠠ ᠶᠢᠨ ᠬᠤᠪᠢᠷᠠᠯᠲᠠ ᠶᠢᠨ ᠣᠨᠴᠠᠯᠢᠭ ᠪᠠ ᠬᠠᠨᠳᠤᠰᠢ — ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠶᠠᠨᠬᠠᠩᠭᠠᠢ ᠭᠠᠴᠠᠭ᠎ᠠ ᠶᠢᠨ ᠵᠢᠱᠢᠶᠡᠨ ᠳᠦ
作者 ᠲᠢᠶᠧ ᠵᠤ; ᠬᠠᠨ ᠶᠦᠩ ᠮᠧᠢ
关键词 ᠪᠡᠯᠴᠢᠭᠡᠷᠯᠡᠨ ᠮᠠᠯᠵᠢᠬᠤ ᠶᠢ ᠵᠤᠭᠰᠤᠭᠠᠬᠤ; ᠮᠠᠯᠴᠢᠳ ᠤᠨ ᠣᠷᠤᠯᠭ᠎ᠠ ᠶᠢᠨ ᠬᠤᠪᠢᠷᠠᠯᠲᠠ; ᠪᠠᠶᠠᠨᠬᠠᠩᠭᠠᠢ ᠭᠠᠴᠠᠭ᠎ᠠ
摘要 ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠬᠢᠨ ᠪᠦᠬᠦ ᠲᠠᠯ᠎ᠠ ᠪᠠᠷ ᠪᠡᠯᠴᠢᠭᠡᠷᠯᠡᠨ ᠮᠠᠯᠵᠢᠬᠤ ᠶᠢ ᠵᠤᠭᠰᠤᠭᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠭᠠᠳ ᠨᠢᠭᠡᠨᠲᠡ 7 ᠵᠢᠯ ᠰᠢᠬᠠᠮ ᠪᠤᠯᠵᠠᠢ᠃ ᠡᠨᠡ ᠬᠤᠭᠤᠴᠠᠭᠠᠨ ᠳᠤ ᠲᠦᠷᠦ ᠶᠢᠨ ᠪᠤᠳᠤᠯᠭ᠎ᠠ ᠶᠢᠨ ᠲᠦᠯᠬᠢᠴᠡ ᠳᠤᠤᠷ᠎ᠠ ᠮᠠᠯᠴᠢᠳ ᠤᠨ ᠤᠷᠤᠯᠭ᠎ᠠ ᠶᠢᠨ ᠠᠷᠭ᠎ᠠ ᠵᠠᠮ ᠦᠷᠭᠡᠵᠢᠨ᠂ ᠣᠷᠤᠯᠭ᠎ᠠ ᠶᠢᠨ ᠢᠷᠡᠯᠲᠡ ᠬᠢᠭᠡᠳ ᠪᠦᠲᠦᠴᠡ ᠳᠦ ᠣᠯᠠᠨ ᠡᠰᠢᠴᠢᠯᠡᠬᠦ ᠬᠠᠨᠳᠤᠰᠢ ᠢᠯᠡᠷᠡᠭᠰᠡᠨ ᠪᠤᠯᠪᠠᠴᠤ ᠣᠷᠤᠯᠭ᠎ᠠ ᠶᠢᠨ ᠬᠢᠷᠢ ᠲᠦᠪᠰᠢᠨ ᠶᠡᠷᠦᠩᠬᠡᠢ ᠳᠡᠭᠡᠨ ᠳᠡᠭᠡᠭᠰᠢᠯᠡᠭᠰᠡᠨ ᠦᠭᠡᠢ᠂ ᠬᠠᠷᠢᠨ ᠵᠠᠷᠢᠮ ᠮᠠᠯᠴᠢᠨ ᠡᠷᠦᠬᠡ ᠶᠢᠨ ᠣᠷᠤᠯᠭ᠎ᠠ ᠭᠡᠳᠡᠷᠭᠦ ᠪᠡᠨ ᠳᠤᠷᠤᠭᠰᠢᠯᠠᠬᠤ ᠪᠠᠢᠳᠠᠯ ᠢᠯᠡᠷᠡᠵᠡᠢ᠃ ᠦᠭᠦᠯᠡᠯ ᠳᠦ᠂ ᠲᠤᠰ ᠬᠤᠰᠢᠭᠤᠨ ᠤ ᠪᠠᠶᠠᠨᠬᠠᠩᠭᠠᠢ ᠭᠠᠴᠠᠭ᠎ᠠ ᠳᠠᠬᠢ ᠬᠡᠳᠦᠨ ᠵᠢᠯ ᠦᠨ ᠲᠤᠷᠰᠢᠬᠢ ᠬᠡᠭᠡᠷ᠎ᠡ ᠶᠢᠨ ᠪᠠᠢᠴᠠᠭᠠᠯᠲᠠ ᠪᠠᠷ ᠵᠢᠱᠢᠶᠡᠯᠡᠨ᠂ ᠪᠦᠬᠦ ᠲᠠᠯ᠎ᠠ ᠪᠠᠷ ᠪᠡᠯᠴᠢᠭᠡᠷᠯᠡᠨ ᠮᠠᠯᠵᠢᠬᠤ ᠶᠢ ᠵᠤᠭᠰᠤᠭᠠᠭᠰᠠᠨ ᠠᠴᠠ ᠨᠠᠭᠠᠰᠢ ᠬᠢ ᠮᠠᠯᠴᠢᠳ ᠤᠨ ᠣᠷᠤᠯᠭ᠎ᠠ ᠶᠢᠨ ᠬᠤᠪᠢᠷᠠᠯᠲᠠ ᠶᠢᠨ ᠣᠨᠴᠠᠯᠢᠭ ᠪᠠ ᠬᠠᠨᠳᠤᠰᠢ ᠶᠢᠨ ᠲᠤᠬᠠᠢ ᠠᠩᠬᠠᠨ ᠤ ᠰᠢᠨᠵᠢᠯᠡᠯ ᠬᠢᠪᠡ᠃
原文 查看原文
出自 中国蒙古学 2015年 第4期

联系我们


内蒙古大学图书馆
呼和浩特市大学西路235号
中国·内蒙古
P: (0471) 4992561
E: huangfeilong@imu.edu.cn