摘要 |
ᠲᠤᠰ ᠦᠭᠦᠯᠡᠯ ᠳᠦ ᠂ ᠴᠢᠩ ᠤᠯᠤᠰ ᠤᠨ ᠰᠡᠭᠦᠯ ᠦᠶ᠎ᠡ ᠳᠦ ᠤᠯᠠᠭᠠᠨᠴᠠᠪ ᠤᠨ ᠴᠢᠭᠤᠯᠭᠠᠨ ᠤ ᠵᠢᠷᠭᠤᠭᠠᠨ ᠬᠤᠰᠢᠭᠤᠨ ᠤ ᠸᠠᠩ ᠭᠦᠩ ᠵᠠᠰᠠᠭ ᠨᠤᠶᠠᠳ ᠠᠯᠪᠠᠨ ᠲᠠᠷᠢᠶᠠᠯᠠᠩ ᠡᠷᠬᠢᠯᠡᠬᠦ ᠶᠢ ᠡᠰᠡᠷᠭᠦᠴᠡᠵᠦ᠂ ᠴᠢᠩ ᠤᠯᠤᠰ ᠤᠨ ᠵᠠᠰᠠᠭ ᠤᠨ ᠭᠠᠵᠠᠷ ᠠᠴᠠ ᠲᠤᠮᠢᠯᠠᠭᠰᠠᠨ ᠮᠣᠩ᠋ᠭᠤᠯ ᠬᠤᠰᠢᠭᠤᠨ ᠤ ᠬᠠᠭᠠᠯᠬᠤ ᠬᠡᠷᠡᠭ ᠢ ᠵᠠᠬᠢᠷᠤᠨ ᠰᠢᠳᠭᠡᠬᠦ ᠰᠠᠢ᠌ᠳ ᠢᠭᠦ᠋ ᠯᠦᠭᠡ ᠤᠷᠲᠤ ᠬᠤᠭᠤᠴᠠᠭᠠᠨ ᠤ ᠰᠢᠷᠦᠭᠦᠨ ᠪᠤᠳᠤᠯᠢᠶᠠᠨᠲᠠᠢ ᠲᠡᠮᠡᠴᠡᠯ ᠶᠠᠪᠤᠭᠤᠯᠤᠭᠰᠠᠨ ᠦᠩᠭᠡᠷᠡᠯᠲᠡ ᠶᠢ ᠰᠢᠰᠲ᠋ᠧᠮ ᠲᠡᠢ ᠦᠭᠦᠯᠡᠵᠦ᠂ ᠴᠢᠩ ᠤᠯᠤᠰ ᠤᠨ ᠵᠠᠰᠠᠭ ᠤᠨ ᠭᠠᠵᠠᠷ ᠠᠴᠠ ᠬᠡᠷᠡᠭᠵᠢᠭᠦᠯᠦᠭᠰᠡᠨ ᠮᠣᠩ᠋ᠭᠤᠯ ᠬᠤᠰᠢᠭᠤᠨ ᠤ ᠪᠡᠯᠴᠢᠭᠡᠷ ᠨᠤᠲᠤᠭ ᠢ ᠠᠯᠪᠠᠳᠠᠨ ᠬᠠᠭᠠᠯᠪᠤᠷᠢᠯᠠᠬᠤ ᠪᠤᠳᠤᠯᠭ᠎ᠠ ᠶᠢ ᠮᠣᠩ᠋ᠭᠤᠯ ᠬᠤᠰᠢᠭᠤᠨ ᠤ ᠸᠠᠩ ᠭᠦᠩ ᠳᠡᠭᠡᠳᠦ ᠳᠠᠪᠬᠤᠷᠭᠠᠲᠠᠳ ᠪᠠᠰᠠ ᠡᠰᠡᠷᠭᠦᠴᠡᠵᠦ ᠪᠠᠢ᠌ᠭᠰᠨᠠ ᠢ ᠲᠤᠳᠤᠷᠬᠠᠢ᠌ᠯᠠᠨ ᠭᠠᠷᠭᠠᠪᠠ᠃ |