摘要 |
ᠮᠣᠩᠭᠤᠯ ᠦᠨᠳᠦᠰᠦᠲᠡᠨ ᠦ ᠬᠤᠪᠴᠠᠰᠤ ᠵᠠᠰᠠᠯ ᠪᠤᠯ ᠮᠣᠩᠭᠤᠯ ᠨᠤᠲᠤᠭ ᠤᠨ ᠪᠠᠢᠭᠠᠯᠢ ᠶᠢᠨ ᠣᠷᠴᠢᠨ ᠲᠤᠭᠤᠷᠢᠨ᠂ ᠮᠣᠩᠭᠤᠯᠴᠤᠳ ᠤᠨ ᠦᠢᠯᠡᠳᠦᠪᠦᠷᠢᠯᠡᠯ ᠠᠮᠢᠳᠤᠷᠠᠯ ᠤᠨ ᠬᠡᠯᠪᠡᠷᠢ᠂ ᠵᠠᠩ ᠠᠭᠠᠯᠢ᠂ ᠭᠤᠤ᠎ᠠ ᠲᠠᠭᠠᠰᠢᠶᠠᠯ ᠵᠡᠷᠭᠡ ᠳᠦ ᠰᠠᠭᠤᠷᠢᠯᠠᠨ ᠡᠭᠦᠰᠦᠨ ᠪᠦᠷᠢᠯᠳᠦᠵᠦ᠂ ᠤᠯᠠᠮᠵᠢᠯᠠᠭᠳᠠᠨ ᠬᠦᠭᠵᠢᠵᠦ ᠢᠷᠡᠭᠰᠡᠨ ᠪᠤᠳᠠᠰᠴᠢᠯᠡᠭᠰᠡᠨ ᠰᠤᠶᠤᠯ ᠶᠤᠮ᠃ ᠮᠣᠩᠭᠤᠯ ᠦᠨᠳᠦᠰᠦᠲᠡᠨ ᠦ ᠬᠤᠪᠴᠠᠰᠤ ᠵᠠᠰᠠᠯ ᠤᠨ ᠶᠠᠩᠵᠤ ᠬᠡᠯᠪᠡᠷᠢ ᠶᠢᠨ ᠤᠯᠠᠷᠢᠯ ᠬᠤᠪᠢᠰᠤᠯ ᠨᠢ ᠮᠣᠩᠭᠤᠯ ᠦᠨᠳᠦᠰᠦᠲᠡᠨ ᠦ ᠡᠯ ᠡ ᠲᠡᠦᠬᠡᠨ ᠴᠠᠭ ᠬᠤᠭᠤᠴᠠᠭᠠᠨ ᠤ ᠨᠡᠢᠭᠡᠮ ᠦᠨ ᠠᠵᠤ ᠠᠬᠤᠢ᠂ ᠰᠤᠶᠤᠯ᠂ ᠠᠮᠢᠳᠤᠷᠠᠯ ᠪᠠ ᠬᠦᠮᠦᠰ ᠦᠨ ᠭᠤᠤ᠎ᠠ ᠰᠠᠢᠬᠠᠨ ᠤ ᠰᠡᠳᠬᠢᠴᠡ ᠲᠡᠢ ᠰᠠᠯᠤᠰᠢ ᠦᠭᠡᠢ ᠨᠢᠭᠲᠠ ᠬᠠᠷᠢᠴᠠᠭ᠎ᠠ ᠬᠤᠯᠪᠤᠭ᠎ᠠ ᠲᠠᠢ᠃ ᠦᠭᠦᠯᠡᠯ ᠳᠦ ᠮᠣᠩᠭᠤᠯ ᠬᠠᠭᠠᠨᠲᠤ ᠤᠯᠤᠰ ᠤᠨ ᠡᠮᠦᠨ᠎ᠡ ᠬᠤᠢᠨᠠᠬᠢ ᠦᠶ᠎ᠡ᠂ ᠶᠤᠸᠠᠨ ᠤᠯᠤᠰ ᠤᠨ ᠦᠶ᠎ᠡ᠂ ᠮᠢᠩ᠂ ᠴᠢᠩ ᠤᠯᠤᠰ ᠤᠨ ᠦᠶ᠎ᠡ᠂ ᠣᠳᠣ ᠦᠶ᠎ᠡ ᠶᠢᠨ ᠮᠣᠩᠭᠤᠯ ᠬᠤᠪᠴᠠᠰᠤ ᠬᠤᠨᠠᠷ ᠤᠨ ᠶᠠᠩᠵᠤ ᠬᠡᠯᠪᠡᠷᠢ ᠶᠢᠨ ᠵᠢᠷᠤᠭ ᠲᠦᠯᠦᠪᠯᠡᠭᠡᠨ ᠦ ᠤᠯᠠᠷᠢᠯ ᠬᠤᠪᠢᠰᠤᠯ ᠢ ᠪᠤᠳᠠᠳᠠᠢᠴᠢᠯᠠᠨ ᠦᠭᠦᠯᠡᠪᠡ᠃ |