摘要 |
《ᠪᠤᠭᠲᠠ ᠴᠢᠩᠬᠢᠰ ᠬᠠᠭᠠᠨ ᠦ ᠰᠤᠳᠤᠷ》ᠬᠡᠮᠡᠬᠦ ᠪᠢᠴᠢᠭ᠌ ᠪᠤᠯ ᠬᠠᠷᠠᠴᠢᠨ ᠸᠠᠩ ᠤᠨ ᠤᠷᠤᠨ ᠳᠤ ᠬᠠᠳᠠᠭᠠᠯᠠᠭᠳᠠᠨ ᠠᠭᠰᠠᠨ ᠤᠳᠤᠬᠠᠨ ᠳᠤ ᠰᠢᠨ᠎ᠡ ᠪᠠᠷ ᠤᠯᠳᠠᠭ᠎ᠠ ᠦᠭᠡᠢ ᠨᠢᠭᠡᠨ ᠢᠵᠢ ᠬᠤᠪᠤᠷ ᠴᠤᠬᠠᠢ ᠭᠠᠷ ᠬᠠᠭᠤᠯᠪᠤᠷᠢ ᠮᠣᠩᠭᠣᠯ ᠤᠨ ᠲᠡᠦᠬᠡ ᠶᠢᠨ ᠰᠤᠷᠪᠤᠯᠵᠢ ᠪᠢᠴᠢᠭ᠌ ᠮᠦᠨ᠃ ᠲᠤᠰ ᠪᠢᠴᠢᠭ᠌ ᠤᠨ ᠠᠭᠤᠯᠭ᠎ᠠ ᠶᠢᠨ ᠬᠤᠪᠢ ᠳᠤ᠂ ᠤᠯᠤᠰ ᠤᠨ ᠳᠤᠳᠤᠭᠠᠳᠤ ᠭᠠᠳᠠᠭᠠᠳᠤ ᠳᠤ ᠢᠯᠡᠷᠡᠭᠦᠯᠦᠭᠰᠡᠨ ᠵᠤᠬᠢᠶᠠᠭᠴᠢ ᠦᠬᠡᠢ 《ᠬᠠᠳ ᠤᠨ ᠦᠨᠳᠦᠰᠦᠨ ᠬᠤᠷᠢᠶᠠᠩᠭᠤᠢ ᠠᠯᠲᠠᠨ ᠲᠤᠪᠴᠢ》ᠯᠤᠭ᠎ᠠ ᠨᠢᠭ᠌ᠲᠠ ᠬᠠᠷᠢᠴᠠᠭ᠎ᠠ ᠪᠦᠬᠦᠢ ᠤᠯᠠᠨ ᠪᠢᠴᠢᠮᠡᠯ ᠪᠠ ᠪᠠᠷᠠᠯᠠᠮᠠᠯ ᠳᠡᠪᠳᠡᠷ ᠲᠤᠤᠷᠠᠬᠢ ᠴᠤᠷ ᠤᠨ ᠭᠠᠭᠴᠠ ᠬᠢᠲᠠᠳ ᠦᠰᠦᠭ᠌ ᠤᠨ ᠮᠠᠩᠨᠠᠢ ᠶᠢᠨ ᠴᠤᠬᠤᠯᠲᠠ ᠪᠦᠬᠦᠢ ᠦᠪᠡᠷᠮᠢᠴᠡ ᠤᠨᠴᠠᠯᠢᠭ ᠲᠠᠢ ᠮᠣᠩᠭᠣᠯ ᠲᠡᠦᠬᠡ ᠶᠢᠨ ᠦᠨᠡᠳᠦ ᠨᠠᠨᠳᠢᠨ ᠰᠤᠷᠪᠤᠯᠵᠢ ᠪᠢᠴᠢᠭ᠌ ᠪᠤᠯᠤᠨ᠎ᠠ᠃ |