摘要 |
ᠤᠷᠤᠭ ᠬᠤᠷᠢᠮ ᠤᠨ ᠶᠤᠰᠤᠨ ᠪᠤᠯ ᠲᠡᠯᠡᠬᠡᠢ ᠨᠡᠢ᠌ᠳᠡ ᠶᠢᠨ ᠴᠢᠨᠠᠷ ᠲᠠᠢ ᠶᠤᠰᠤ ᠵᠠᠩᠰᠢᠯ ᠪᠤᠯᠬᠤ ᠶᠤᠮ᠃ ᠲᠡᠷᠡ ᠨᠢ ᠬᠦᠮᠦᠨ ᠤ ᠪᠡᠶ᠎ᠡ ᠪᠦᠳᠦᠵᠦ᠂ ᠭᠡᠷ ᠪᠦᠯᠢ ᠪᠠᠢ᠌ᠭᠤᠯᠬᠤ᠂ ᠤᠭᠰᠠᠭ᠎ᠠ ᠤᠳᠤᠮ ᠶᠢᠡᠨ ᠵᠠᠯᠭᠠᠮᠵᠢᠯᠠᠬᠤ ᠠᠰᠠᠭᠤᠳᠠᠯ ᠲᠠᠢ ᠬᠤᠯᠪᠤᠭᠠᠳᠠᠢ ᠪᠠᠢ᠌ᠳᠠᠭ᠃ ᠬᠤᠷᠴᠢᠨ ᠬᠤᠷᠢᠮ ᠤᠨ ᠲᠠᠯ᠎ᠠ ᠪᠡᠯᠡᠭ ᠲᠤᠰᠢᠶᠠᠬᠤ ᠵᠠᠩ ᠦᠢᠯᠡ ᠶᠢᠨ ᠡᠭᠦᠰᠦᠯ ᠤᠨ ᠨᠡᠢ᠌ᠭᠡᠮ ᠲᠡᠦᠬᠡ ᠶᠢᠨ ᠦᠨᠳᠦᠰᠦ ᠨᠢ ᠬᠤᠷᠴᠢᠨ ᠬᠤᠷᠢᠮ ᠤᠨ ᠲᠠᠯ᠎ᠠ ᠪᠡᠯᠡᠭ ᠲᠤᠰᠢᠶᠠᠬᠤ ᠵᠠᠩ ᠦᠢᠯᠡ ᠶᠢᠨ ᠡᠭᠦᠰᠦᠯ ᠤᠨ ᠨᠡᠢ᠌ᠭᠡᠮ ᠲᠡᠦᠬᠡ ᠶᠢᠨ ᠦᠨᠳᠦᠰᠦ ᠨᠢ ᠡᠷᠳᠡᠨ ᠤ《ᠬᠤᠳᠠᠯᠳᠤᠭ᠎ᠠ ᠤᠷᠤᠭ》 ᠤᠨ ᠶᠤᠰᠤ ᠵᠠᠩᠰᠢᠯ ᠲᠠᠢ ᠤᠳᠤᠮ ᠤᠭᠰᠠᠭ᠎ᠠ ᠨᠢᠭᠡᠳᠡᠢ ᠪᠤᠯᠪᠠᠰᠤ ᠲᠡᠷᠡ ᠨᠢ ᠲᠡᠦᠬᠡ ᠶᠢᠨ ᠬᠦᠭ᠍ᠵᠢᠯ ᠤᠨ ᠶᠠᠪᠤᠴᠠ ᠳᠠᠭᠠᠨ ᠮᠤᠩᠭ᠋ᠤᠯᠴᠤᠳ ᠤᠨ ᠠᠮᠢᠳᠤᠷᠠᠯ ᠤᠨ ᠵᠠᠩᠰᠢᠯ ᠰᠤᠶᠤᠯ ᠲᠠᠢ ᠨᠢ ᠤᠶᠠᠯᠳᠤᠨ ᠨᠢᠭᠡᠳᠴᠦ ᠦᠪᠡᠷ ᠤᠨ ᠤᠨᠴᠠᠯᠢᠭ ᠲᠠᠢ ᠬᠤᠷᠢᠮ ᠤᠨ ᠲᠠᠯ᠎ᠠ ᠪᠡᠯᠡᠭ ᠤᠨ ᠰᠤᠶᠤᠯ ᠤᠨ ᠲᠤᠭᠳᠠᠯᠴᠠᠭ᠎ᠠ ᠪᠠᠨ ᠪᠦᠷᠢᠯᠳᠦᠭᠦᠯᠦᠭᠰᠡᠨ ᠶᠤᠮ᠃ ᠬᠤᠷᠢᠮ ᠤᠨ ᠲᠠᠯ᠎ᠠ ᠪᠡᠯᠡᠭ ᠤᠯᠠᠷᠢᠯ ᠬᠦᠭ᠍ᠵᠢᠯ ᠤᠨ ᠲᠤᠮᠳᠠ ᠪᠠᠨ ᠪᠡᠯᠭᠡᠳᠡᠯ ᠤᠨ ᠰᠢᠨᠵᠢ ᠨᠢ ᠪᠠᠯᠠᠷᠬᠠᠢ᠌ᠰᠢᠬᠤ ᠬᠠᠨᠳᠤᠰᠢ ᠲᠠᠢ ᠪᠤᠯᠤᠭᠰᠠᠨ ᠪᠠᠢ᠌ᠨ᠎ᠠ᠃ |