摘要 |
ᠮᠣᠩᠭᠤᠯ ᠰᠤᠶᠤᠯ ᠤᠨ ᠲᠠᠰᠤᠷᠬᠠᠢ ᠪᠤᠯᠤᠭᠰᠠᠨ ᠮᠣᠩᠭᠤᠯᠴᠤᠳ ᠤᠨ ᠵᠠᠩᠰᠢᠯ ᠤᠨ ᠬᠠᠤᠯᠢ ᠨᠢ ᠮᠣᠩᠭᠤᠯᠴᠤᠳ ᠤᠨ ᠤᠷᠲᠤ ᠤᠳᠠᠭᠠᠨ ᠬᠤᠭᠤᠴᠠᠭᠠᠨ ᠤ ᠠᠵᠤ ᠲᠦᠷᠦᠨ ᠠᠮᠢᠳᠤᠷᠠᠬᠤ ᠶᠠᠪᠤᠴᠠ ᠳᠤ ᠠᠶᠠᠨᠳᠠᠭᠠᠨ ᠪᠦᠷᠢᠯᠳᠦᠭᠰᠡᠨ ᠪᠠᠢᠳᠠᠭ᠃ ᠰᠡᠭᠦᠯ ᠦᠨ ᠦᠶ᠎ᠡ ᠳᠦ᠂ ᠰᠤᠳᠤᠯᠤᠭᠴᠢᠳ ᠠᠳᠠᠯᠢ ᠪᠤᠰᠤ ᠣᠨᠣᠯ ᠤᠨ ᠬᠠᠷᠭᠠᠰᠤ ᠠᠴᠠ ᠮᠣᠩᠭᠤᠯᠴᠤᠳ ᠤᠨ ᠵᠠᠩᠰᠢᠯ ᠤᠨ ᠬᠠᠤᠯᠢ ᠶᠢ ᠲᠠᠢᠯᠪᠤᠷᠢᠯᠠᠭᠰᠠᠨ ᠪᠠᠢᠳᠠᠭ᠃ ᠮᠣᠩᠭᠤᠯᠴᠤᠳ ᠤᠨ ᠵᠠᠩᠰᠢᠯ ᠤᠨ ᠬᠠᠤᠯᠢ ᠶᠢ ᠵᠦᠪ ᠣᠢᠯᠠᠭᠠᠵᠤ᠂ ᠵᠦᠪ ᠲᠠᠢᠯᠪᠤᠷᠢᠯᠠᠬᠤ ᠳᠤ ᠮᠣᠩᠭᠤᠯ ᠦᠨᠳᠦᠰᠦᠲᠡᠨ ᠦ ᠵᠠᠩᠰᠢᠯ ᠤᠨ ᠬᠠᠤᠯᠢ ᠶᠢᠨ ᠡᠬᠢ ᠡᠭᠦᠰᠦᠯ ᠢ ᠰᠤᠳᠤᠯᠤᠨ ᠰᠢᠨᠵᠢᠬᠦ ᠴᠢᠬᠤᠯᠠ ᠲᠠᠢ᠃ ᠲᠤᠰ ᠦᠭᠦᠯᠡᠯ ᠳᠦ᠂ 《ᠮᠣᠩᠭᠤᠯ ᠤᠨ ᠨᠢᠭᠤᠴᠠ ᠲᠤᠪᠴᠢᠶᠠᠨ》 ᠵᠡᠷᠭᠡ ᠲᠡᠦᠬᠡᠨ ᠲᠤᠯᠭᠤᠷ ᠪᠢᠴᠢᠭ ᠲᠤ ᠰᠠᠭᠤᠷᠢᠯᠠᠨ᠂ ᠮᠣᠩᠭᠤᠯ ᠦᠨᠳᠦᠰᠦᠲᠡᠨ ᠦ ᠵᠠᠩᠰᠢᠯ ᠤᠨ ᠬᠠᠤᠯᠢ ᠶᠢᠨ ᠡᠬᠢ ᠡᠭᠦᠰᠦᠯ ᠢ ᠳᠦᠷᠪᠡᠨ ᠲᠠᠯ᠎ᠠ ᠠᠴᠠ ᠲᠠᠢᠯᠪᠤᠷᠢᠯᠠᠪᠠ᠃ |