摘要 |
ᠴᠢᠩ ᠤᠯᠤᠰ ᠤᠨ ᠵᠠᠰᠠᠭ ᠤᠨ ᠣᠷᠳᠤᠨ ᠠᠴᠠ ᠲᠦᠪ ᠲᠦ ᠲᠦᠪᠯᠡᠷᠡᠭᠦᠯᠦᠨ ᠵᠠᠬᠢᠷᠬᠤ ᠨᠤᠶᠠᠷᠬᠠᠯ ᠢᠶᠠᠨ ᠪᠡᠬᠢᠵᠢᠭᠦᠯᠬᠦ ᠶᠢᠨ ᠲᠦᠯᠦᠭᠡ ᠤᠯᠤᠰ ᠤᠨ ᠪᠤᠳᠠᠲᠤ ᠪᠠᠢᠳᠠᠯ ᠢᠶᠠᠨ ᠦᠨᠳᠦᠰᠦᠯᠡᠨ ᠴᠦᠬᠡᠨ ᠲᠤᠭᠠᠲᠤ ᠦᠨᠳᠦᠰᠦᠲᠡᠨ ᠦ ᠭᠠᠵᠠᠷ ᠣᠷᠤᠨ ᠳᠤ ᠤᠯᠤᠰ ᠤᠨ ᠬᠠᠤᠯᠢ ᠳᠦᠷᠢᠮᠵᠢᠯ ᠦᠨ ᠨᠢᠭᠡᠲᠦᠯ ᠲᠡᠢ ᠪᠠᠢᠬᠤ ᠶᠢ ᠬᠠᠮᠭᠠᠯᠠᠬᠤ ᠶᠢᠨ ᠬᠠᠮᠲᠤ ᠦᠨᠳᠦᠰᠦᠲᠡᠨ ᠦ ᠵᠠᠩ ᠳᠠᠳᠬᠠᠯ ᠢ ᠬᠦᠨᠳᠦᠳᠭᠡᠭᠰᠡᠨ ᠦᠨᠳᠦᠰᠦᠲᠡᠨ ᠦ ᠬᠠᠤᠯᠢ ᠲᠤᠭᠲᠠᠭᠠᠯ ᠢ ᠲᠤᠭᠲᠠᠭᠠᠵᠤ᠂ ᠲᠦᠪ ᠵᠠᠰᠠᠭ ᠤᠨ ᠣᠷᠳᠤᠨ ᠪᠠ ᠮᠣᠩᠭᠤᠯᠴᠤᠳ ᠤᠨ ᠬᠠᠷᠢᠴᠠᠭ᠎ᠠ ᠶᠢ ᠬᠠᠤᠯᠢ ᠴᠠᠭᠠᠵᠠ ᠪᠠᠷ ᠲᠤᠬᠢᠷᠠᠭᠤᠯᠤᠨ᠂ ᠦᠨᠳᠦᠰᠦᠲᠡᠨ ᠦ ᠠᠰᠠᠭᠤᠳᠠᠯ ᠢ ᠰᠢᠢᠳᠪᠦᠷᠢᠯᠡᠵᠦ ᠪᠠᠢᠵᠠᠢ᠃ ᠦᠭᠦᠯᠡᠯ ᠳᠦ᠂ ᠴᠢᠩ ᠤᠯᠤᠰ ᠤᠨ ᠵᠠᠰᠠᠭ ᠤᠨ ᠣᠷᠳᠤᠨ ᠠᠴᠠ ᠮᠣᠩᠭᠤᠯ ᠣᠷᠤᠨ ᠳᠤ ᠬᠡᠷᠡᠭᠵᠢᠭᠦᠯᠦᠭᠰᠡᠨ ᠦᠨᠳᠦᠰᠦᠲᠡᠨ ᠦ ᠬᠠᠤᠯᠢ ᠲᠤᠭᠲᠠᠭᠠᠯ ᠤᠨ ᠣᠨᠴᠠᠯᠢᠭ ᠢ ᠵᠠᠳᠠᠯᠤᠨ ᠲᠠᠨᠢᠯᠴᠠᠭᠤᠯᠵᠤ᠂ ᠣᠯᠠᠨ ᠦᠨᠳᠦᠰᠦᠲᠡᠨ ᠬᠠᠮᠲᠤ ᠪᠠᠷ ᠪᠦᠲᠦᠬᠡᠨ ᠪᠠᠢᠭᠤᠯᠤᠭᠰᠠᠨ ᠨᠢᠭᠡᠲᠦᠭᠰᠡᠨ ᠤᠯᠤᠰ ᠢ ᠪᠦᠲᠦᠬᠡᠨ ᠪᠠᠢᠭᠤᠯᠬᠤ ᠳᠤ ᠦᠵᠡᠭᠦᠯᠦᠭᠰᠡᠨ ᠲᠡᠦᠬᠡᠲᠦ ᠦᠨ᠎ᠡ ᠦᠷᠲᠡᠭ ᠢ ᠳᠦᠭᠦᠮ ᠦᠭᠦᠯᠡᠵᠡᠢ᠃ |