题名 |
ᠬᠦᠮᠦᠨ ᠦ ᠨᠡᠷ᠎ᠡ ᠶᠢ ᠬᠦᠨᠳᠡᠨ ᠰᠢᠨᠵᠢᠯᠡᠬᠦ ᠳᠦ ᠲᠤᠬᠢᠶᠠᠯᠳᠤᠭᠰᠠᠨ ᠠᠰᠠᠭᠤᠳᠠᠯ ᠤᠳ ᠤᠨ ᠲᠤᠬᠠᠢ — ᠮᠣᠩᠭᠤᠯ ᠴᠡᠴᠡᠷᠯᠢᠭ ᠦᠨ ᠬᠡᠦᠬᠡᠳ ᠦᠨ ᠨᠡᠷᠡᠰ ᠦᠨ ᠵᠢᠱᠢᠶᠡᠨ ᠳᠡᠭᠡᠷ᠎ᠡ |
作者 |
ᠡᠷᠳᠡᠨᠢᠲᠠᠨ᠎ᠠ |
关键词 |
ᠮᠣᠩᠭᠤᠯ ᠬᠦᠮᠦᠨ ᠦ ᠨᠡᠷ᠎ᠡ; ᠣᠷᠤᠰᠢᠵᠤ ᠪᠠᠢᠭ᠎ᠠ ᠠᠰᠠᠭᠤᠳᠠᠯ; ᠳᠦᠷᠢᠮᠵᠢᠯ |
摘要 |
ᠦᠩᠭᠡᠷᠡᠭᠰᠡᠨ ᠳᠦ ᠮᠣᠩᠭᠤᠯᠴᠤᠳ ᠤᠨ ᠨᠡᠷ᠎ᠡ ᠶᠢᠨ ᠲᠤᠬᠠᠢ ᠰᠤᠳᠤᠯᠭᠠᠨ ᠨᠢ ᠨᠡᠢᠲᠡ ᠮᠣᠩᠭᠤᠯᠴᠤᠳ ᠤᠨ ᠨᠡᠷ᠎ᠡ ᠦᠭᠬᠦ ᠵᠠᠩᠰᠢᠯ᠂ ᠮᠣᠩᠭᠤᠯ ᠬᠦᠮᠦᠨ ᠦ ᠨᠡᠷ᠎ᠡ ᠶᠢᠨ ᠢᠷᠡᠯ ᠭᠠᠷᠤᠯ᠂ ᠤᠳᠬ᠎ᠠ᠂ ᠪᠦᠲᠦᠴᠡ ᠪᠦᠷᠢᠯᠳᠦᠭᠦᠨ ᠵᠡᠷᠭᠡ ᠶᠢ ᠬᠠᠮᠤᠷᠴᠤ ᠪᠠᠢᠪᠠ᠃ ᠬᠠᠷᠢᠨ ᠮᠣᠩᠭᠤᠯ ᠬᠦᠮᠦᠨ ᠦ ᠨᠡᠷ᠎ᠡ ᠳᠠᠪᠬᠤᠷᠳᠠᠵᠤ ᠪᠠᠢᠭ᠎ᠠ ᠪᠠᠢᠳᠠᠯ᠂ ᠬᠢᠲᠠᠳ ᠢᠶᠠᠷ ᠠᠪᠢᠶᠠᠴᠢᠯᠠᠨ ᠲᠡᠮᠳᠡᠭᠯᠡᠬᠦ ᠳᠦ ᠣᠷᠤᠰᠢᠵᠤ ᠪᠠᠢᠭ᠎ᠠ ᠠᠰᠠᠭᠤᠳᠠᠯ᠂ 《ᠬᠢᠲᠠᠳ ᠮᠠᠶᠢᠭ ᠤᠨ ᠣᠪᠤᠭ + ᠮᠣᠩᠭᠤᠯ ᠨᠡᠷ᠎ᠡ》 ᠪᠦᠲᠦᠴᠡᠲᠦ ᠨᠡᠷ᠎ᠡ ᠵᠡᠷᠭᠡ ᠳᠦ ᠠᠩᠬᠠᠷᠤᠯ ᠢᠶᠠᠨ ᠬᠠᠨᠳᠤᠭᠤᠯᠤᠭᠰᠠᠨ ᠦᠭᠦᠯᠡᠯ ᠵᠤᠬᠢᠶᠠᠯ ᠦᠨᠳᠦᠰᠦᠨ ᠳᠡᠭᠡᠨ ᠬᠠᠷᠠᠭᠳᠠᠬᠤ ᠦᠭᠡᠢ ᠪᠠᠢᠨ᠎ᠠ᠃ ᠡᠨᠡ ᠪᠠᠢᠳᠠᠯ ᠳᠤ ᠴᠢᠭᠯᠡᠭᠦᠯᠵᠦ ᠪᠢᠳᠡ ᠮᠣᠩᠭᠤᠯ ᠬᠡᠦᠬᠡᠳ ᠦᠨ ᠴᠡᠴᠡᠷᠯᠢᠭ ᠦᠨ 616 ᠬᠡᠦᠬᠡᠳ ᠦᠨ ᠨᠡᠷ᠎ᠡ ᠶᠢ ᠴᠤᠭᠯᠠᠭᠤᠯᠤᠨ ᠰᠤᠳᠤᠯᠭᠠᠨ ᠤ ᠡᠬᠡ ᠮᠠᠲ᠋ᠧᠷᠢᠶᠠᠯ ᠪᠤᠯᠭᠠᠵᠤ ᠰᠢᠨᠵᠢᠯᠡᠭᠡ ᠬᠢᠪᠡ᠃ ᠮᠣᠩᠭᠤᠯ ᠬᠡᠦᠬᠡᠳ ᠦᠨ ᠨᠡᠷ᠎ᠡ ᠶᠢᠨᠣ ᠳᠣᠬᠢ ᠪᠠᠢᠳᠠᠯ ᠠᠴᠠ ᠦᠵᠡᠬᠦ ᠳᠦ ᠮᠣᠩᠭᠤᠯ ᠨᠡᠷ᠎ᠡ ᠶᠢ ᠬᠢᠲᠠᠳ ᠢᠶᠠᠷ ᠭᠠᠯᠢᠭᠯᠠᠨ ᠲᠡᠮᠳᠡᠭᠯᠡᠬᠦ᠂ ᠬᠤᠶᠠᠷ ᠦᠭᠡ ᠶᠢ ᠬᠤᠭᠤᠷᠤᠨᠳᠤ ᠨᠢ ᠳᠠᠭᠠᠪᠤᠷᠢ ᠪᠠᠷ ᠬᠤᠯᠪᠤᠵᠤ ᠪᠦᠲᠦᠭᠡᠭᠰᠡᠨ ᠨᠡᠷ᠎ᠡ ᠶᠢ ᠪᠢᠴᠢᠬᠦ ᠵᠡᠷᠭᠡ ᠳᠦ ᠳᠦᠷᠢᠮᠵᠢᠯ ᠬᠡᠷᠡᠭᠲᠡᠢ ᠡᠰᠡᠭᠦ ᠶᠢ ᠡᠷᠳᠡᠮᠲᠡᠳ ᠶᠠᠷᠢᠯᠴᠠᠨ ᠰᠢᠢᠳᠬᠦ ᠱᠠᠭᠠᠷᠳᠠᠯᠭ᠎ᠠ ᠭᠠᠷᠴᠤ ᠪᠤᠢ᠃ |
原文 |
查看原文
|
出自 |
中国蒙古学
2016年
第2期
|