摘要 |
《ᠡᠵᠡᠨ ᠳ᠋ᠡᠭᠡᠨ ᠦᠨᠡᠨᠴᠢ ᠰᠢᠳᠤᠷᠭᠤ ᠪᠠᠢᠬᠤ》 ᠪᠣᠯ ᠴᠢᠩᠬᠢᠰ ᠬᠠᠭᠠᠨ ᠤ ᠤᠯᠤᠰ ᠲᠦᠷᠦ ᠶᠢᠨ ᠡᠰᠢ ᠶᠣᠰᠤᠨ ᠤ ᠦᠵᠡᠯ ᠰᠨᠨᠠᠭᠠᠨ ᠤ ᠨᠢᠭᠡᠨ ᠦᠨᠳᠦᠰᠦᠨ ᠵᠡᠷᠴᠢᠨ ᠨᠢ ᠪᠣᠯᠬᠤ ᠶᠣᠮ᠃ ᠲᠡᠷᠡ ᠨᠢ ᠴᠢᠩᠬᠢᠰ ᠬᠠᠭᠠᠨ ᠤ ᠡᠰᠢ ᠶᠣᠰᠤᠨ ᠤ ᠦᠵᠡᠯᠲᠡ᠂ ᠦᠨ᠎ᠡ ᠴᠡᠨ᠎ᠠ ᠶᠢᠨ ᠦᠵᠡᠯᠳᠡ ᠴᠢᠨᠠᠭᠰᠢᠯᠠᠭᠠᠳ ᠪᠦᠬᠦᠢᠯᠡ ᠠᠮᠢᠳᠤᠷᠠᠬᠤᠢ ᠶᠢᠨ ᠦᠵᠡᠯᠲᠡ ᠶᠢᠨ ᠲᠣᠳᠤᠷ ᠠ ᠡᠬᠢᠨ ᠡᠴᠡ ᠨᠢ ᠠᠪᠤᠭᠠᠳ ᠠᠳᠠᠭ ᠲᠤᠨᠢ ᠬᠦᠷᠲᠡᠯ ᠠ ᠲᠤᠤᠱᠯᠠᠭᠳᠠᠵᠦ ᠪᠠᠢᠳᠠᠭ ᠠᠵᠢ᠃ ᠲᠤᠰ ᠦᠭᠦᠯᠡᠯ ᠳ᠋ᠤ ᠤᠷᠢᠳᠡᠬᠢ ᠬᠦᠮᠦᠰ ᠤᠨ ᠰᠡᠳᠤᠯᠭᠠᠨ ᠤ ᠦᠷ ᠡ ᠪᠦᠲᠦᠭᠡᠯ ᠢᠢᠡᠷ ᠰᠠᠭᠤᠷᠢ ᠪᠣᠯᠭᠠᠨ᠂ ᠴᠢᠩᠬᠢᠰ ᠬᠠᠭᠠᠨ ᠤ 《ᠡᠵᠡᠨ ᠳ᠋ᠡᠭᠡᠨ ᠦᠨᠡᠨᠴᠢ ᠰᠢᠳᠤᠷᠭᠤ ᠪᠠᠢᠬᠤ》ᠦᠵᠡᠯ ᠰᠠᠨᠠᠭ᠎ᠠ ᠶᠢᠨ ᠦᠨᠳᠦᠰᠦᠨ ᠪᠦᠲᠦᠴᠡ ᠬᠢᠭᠡᠳ ᠮᠦᠨ ᠴᠢᠨᠠᠷ ᠤᠨ ᠠᠭᠤᠯᠭ᠎ᠠ ᠵᠢ ᠲᠤᠳᠤᠷᠬᠠᠢᠯᠠᠵᠠᠢ.᠃《ᠮᠣᠩᠭᠤᠯ ᠤᠨ ᠨᠢᠭᠤᠴᠠ ᠲᠤᠪᠴᠢᠶᠠᠨ》ᠡᠴᠡ ᠠᠵᠢᠭᠯᠠᠪᠠᠯ᠂ ᠴᠢᠩᠬᠢᠭ ᠬᠠᠭᠠᠨ ᠤ 《ᠡᠵᠡᠨ ᠳ᠋ᠡᠭᠡᠨ ᠦᠨᠡᠨᠴᠢ ᠰᠢᠲᠤᠷᠭᠤ ᠪᠠᠢᠬᠤ》ᠦᠵᠡᠯ ᠰᠠᠨᠠᠭ᠎ᠠ ᠨᠢ ᠭᠤᠤᠯᠳᠠᠭᠤ ᠭᠤᠷᠪᠠᠨ ᠲᠠᠯ ᠠ ᠶᠢᠨ ᠠᠭᠤᠯᠭ᠎ᠠ ᠪᠡᠷ ᠪᠦᠷᠢᠯᠳᠤᠬᠤ ᠨᠢᠭᠲᠠ ᠴᠢᠩᠭ᠎ᠠ ᠯᠡᠬᠢᠭ ᠤᠨ ᠲᠤᠭᠲᠠᠯᠴᠠᠭ᠎ᠠ ᠪᠡᠷ ᠢᠯᠡᠷᠡᠳᠡᠭ ᠪᠢᠯᠡ᠃ 《ᠰᠡᠳᠬᠢᠯ ᠤᠨ ᠬᠦᠯᠦᠭ》ᠪᠣᠯ ᠴᠢᠩᠬᠢᠰ ᠬᠠᠭᠠᠨ ᠤ ᠲᠤᠷᠠᠳᠤᠨ ᠭᠠᠷᠭᠠᠭᠰᠠᠨ ᠭᠡᠷ ᠡ ᠦᠭᠡ ᠪᠣᠯᠬᠤ ᠪᠦᠭᠡᠳ ᠲᠡᠷᠡ ᠨᠢ 《ᠡᠵᠡᠨ ᠳᠡᠡᠨ ᠦᠨᠡᠨᠴᠢ ᠰᠢᠳᠤᠷᠭᠤ ᠪᠠᠢᠬᠤ 》ᠦᠵᠡᠯ ᠰᠨᠠᠠᠭᠠᠨ ᠤ ᠭᠤᠷᠪᠠᠨ ᠲᠠᠯ ᠠᠶᠢᠨ ᠠᠭᠤᠯᠭ᠎ᠠ ᠵᠢ ᠲᠡᠭᠡᠳᠦ ᠬᠡᠮᠵᠢᠶ ᠡ ᠪᠡᠷ ᠬᠤᠷᠢᠶᠠᠩᠭᠤᠢᠯᠠᠵᠤ ᠮᠦᠨ ᠴᠢᠨᠠᠷ ᠡᠴᠡ ᠨᠢ ᠲᠠᠨᠢᠭᠤᠯᠳᠠᠭ ᠪᠠᠢᠨ᠎ᠠ᠃ |