摘要 |
ᠤᠢ᠋ᠷᠠ ᠦᠶ᠎ᠡ ᠶᠢᠨ ᠲᠦᠮᠡᠳ ᠬᠤᠰᠢᠭᠤᠨ ᠤ ᠰᠤᠷᠭᠠᠨ ᠬᠦᠮᠦᠵᠢᠯ ᠤᠨ ᠠᠵᠢᠯᠯᠠᠭ᠎ᠠ ᠨᠢ ᠪᠦᠬᠦᠢ᠋ᠯᠡ ᠰᠤᠢ᠋ᠶᠤᠸᠠᠨ ᠤᠷᠤᠨ ᠤ ᠰᠤᠷᠭᠠᠨ ᠬᠦᠮᠦᠵᠢᠯ ᠤᠨ ᠲᠡᠤᠭᠡᠨ ᠳᠤ ᠴᠢᠬᠤᠯᠠ ᠪᠠᠢ᠋ᠷᠢ ᠰᠠᠭᠤᠷᠢ ᠲᠠᠢ ᠶᠤᠮ᠃ ᠡᠨᠡ ᠨᠢ ᠲᠤᠬᠠᠢ ᠶᠢᠨ ᠦᠶ᠎ᠡ ᠶᠢᠨ ᠲᠦᠮᠡᠳ ᠤᠨ ᠵᠠᠰᠠᠭ ᠶᠠᠮᠤᠨ ᠡᠴᠨ ᠡᠯ᠎ᠡ ᠲᠠᠰ ᠤᠨ ᠰᠤᠷᠭᠠᠭᠤᠯᠢ ᠵᠢ ᠦᠷᠨᠢᠬᠦᠯᠦᠨ ᠪᠠᠢ᠋ᠭᠤᠯᠤᠭᠰᠠᠨ ᠵᠢᠴᠢ ᠡᠳ᠋ ᠤᠨ ᠵᠠᠰᠠᠭ ᠤᠨ ᠲᠠᠯ᠎ᠠ ᠪᠡᠷ ᠶᠡᠭᠡ ᠪᠡᠷ ᠲᠡᠮᠵᠢᠭᠰᠡᠨ ᠯᠤᠭᠡ ᠬᠤᠯᠪᠤᠭ᠎ᠠ ᠲᠠᠢ᠃ ᠦᠬᠦᠯᠡᠯ ᠳᠤ ᠲᠦᠮᠡᠳ ᠵᠠᠬᠦᠨ ᠬᠤᠰᠢᠭᠤᠨ ᠤ ᠲᠡᠤᠭᠡᠨ ᠲᠠᠩᠰᠠ ᠡᠪᠭᠡᠮᠡᠯ ᠤᠨ ᠮᠠᠲ᠋ᠸᠷᠢᠶᠠᠯ ᠳᠤ ᠰᠠᠭᠤᠷᠢᠯᠡᠨ᠂ ᠢᠷᠭᠡᠨ ᠤᠯᠤᠰ ᠤᠨ ᠦᠶ᠎ᠡ ᠶᠢᠨ ᠲᠦᠮᠡᠳ ᠬᠤᠰᠢᠭᠤᠨ ᠤ ᠰᠤᠷᠭᠠᠨ ᠬᠦᠮᠦᠵᠢᠯ ᠤᠨ ᠪᠠᠢ᠋ᠳ᠋ᠠᠯ ᠵᠢᠴᠢ ᠲᠡᠬᠦᠨ ᠤ ᠦᠪᠦᠷ ᠮᠤᠩᠭ᠋ᠤᠯ ᠤᠨ ᠤᠢ᠋ᠷᠠ ᠤᠳᠤ ᠦᠶ᠎ᠡ ᠶᠢᠨ ᠲᠡᠤᠭᠡᠨ ᠳᠤ ᠦᠵᠡᠬᠦᠯᠦᠭᠰᠡᠨ ᠨᠦᠯᠦᠭᠡ ᠵᠠᠷᠭᠡ ᠵᠢ ᠦᠬᠦᠯᠡᠵᠡᠢ᠃ |