摘要 |
ᠰᠢᠨ᠎ᠡ ᠴᠠᠭ ᠡᠷᠢᠨ ᠳᠤ᠂ ᠶᠡᠬᠡ ᠰᠤᠷᠭᠠᠭᠤᠯᠢ ᠶᠢᠨ ᠮᠤᠩᠭ᠋ᠤᠯ ᠤᠶᠤᠳᠠᠨ ᠤ ᠶᠠᠰᠤ ᠴᠢᠨᠠᠷ ᠲᠤᠷᠤᠭᠰᠢᠯᠠᠵᠤ ᠪᠠᠢ᠌ᠬᠤ ᠠᠰᠠᠭᠤᠳᠠᠯ ᠮᠠᠰᠢ ᠲᠦᠭᠡᠮᠡᠯ ᠤᠷᠤᠰᠢᠵᠤ ᠪᠠᠢ᠌ᠨ᠎ᠠ᠃ ᠡᠭᠦᠨ ᠢ ᠮᠤᠩᠭ᠋ᠤᠯ ᠤᠶᠤᠳᠠᠨ ᠤ ᠰᠤᠷᠤᠯᠭ᠎ᠠ ᠶᠢᠨ ᠬᠢᠷᠢ ᠪᠦᠳᠦᠮᠵᠢ᠂ ᠲᠡᠭᠡᠳᠦ ᠲᠡᠰ ᠤᠨ ᠰᠤᠷᠭᠠᠭᠤᠯᠢ ᠳᠤ ᠲᠠᠪᠰᠢᠬᠤ ᠲᠤᠭ᠎ᠠ᠂ ᠠᠵᠢᠯ ᠤᠯᠭᠤᠯᠳᠠ ᠶᠢᠨ ᠨᠤᠷᠮ᠎ᠠ ᠵᠡᠷᠭᠡ ᠲᠠᠯ᠎ᠠ ᠡᠴᠡ ᠦᠵᠡᠵᠦ ᠭᠠᠷᠴᠤ ᠪᠤᠯᠤᠨ᠎ᠠ᠃ ᠡᠭᠦᠨ ᠳᠤ ᠶᠡᠬᠡ ᠰᠤᠷᠭᠠᠭᠤᠯᠢ ᠶᠢᠨ ᠮᠤᠩᠭ᠋ᠤᠯ ᠤᠶᠤᠳᠠᠨ ᠢ ᠬᠦᠮᠦᠵᠢᠭᠦᠯᠬᠦ ᠦᠨᠳᠦᠰᠦᠨ ᠦᠵᠡᠯ ᠰᠠᠨᠠᠭ᠎ᠠ ᠲᠤᠤᠷᠠᠬᠢ ᠬᠦᠮᠦᠵᠢᠭᠦᠯᠬᠦ ᠬᠠᠷᠠᠯᠳᠠ ᠪᠠ ᠬᠡᠯᠪᠡᠷᠢ ᠶᠢᠨ ᠬᠡᠯᠪᠡᠢ᠌ᠭᠦᠳᠡᠭᠰᠡᠨ ᠡᠴᠡ ᠪᠤᠯᠵᠤ᠂ ᠶᠡᠬᠡ ᠰᠤᠷᠭᠠᠭᠤᠯᠢ ᠶᠢᠨ ᠮᠤᠩᠭ᠋ᠤᠯ ᠤᠶᠤᠳᠠᠳ ᠢ ᠬᠦᠮᠦᠵᠢᠭᠦᠯᠬᠦ ᠪᠦᠬᠦ ᠶᠠᠪᠤᠴᠠ ᠶᠢᠨ ᠲᠤᠬᠢᠷᠠᠮᠵᠢ ᠦᠭᠡᠢ ᠪᠤᠯᠤᠭᠰᠠᠨ ᠨᠢ ᠠᠰᠠᠭᠤᠳᠠᠯ ᠤᠨ ᠦᠨᠳᠦᠰᠦᠨ ᠰᠢᠯᠳᠠᠭᠠᠨ ᠪᠤᠯᠵᠤ ᠪᠠᠢ᠌ᠨ᠎ᠠ᠃ ᠡᠢ᠌ᠮᠤ ᠡᠴᠡ ᠶᠡᠬᠡ ᠰᠤᠷᠭᠠᠭᠤᠯᠢ ᠶᠢᠨ ᠮᠤᠩᠭ᠋ᠤᠯ ᠤᠶᠤᠳᠠᠨ ᠢ ᠬᠦᠮᠦᠵᠢᠭᠦᠯᠬᠦ ᠶᠠᠪᠤᠴᠠ ᠪᠠ ᠬᠡᠯᠪᠡᠷᠢ ᠳᠤ ᠦᠨᠳᠦᠰᠦᠨ ᠴᠢᠨᠠᠷ ᠲᠠᠢ ᠦᠭᠡᠷᠡᠴᠢᠯᠡᠯᠳᠡ ᠬᠢᠬᠦ ᠬᠡᠷᠡᠭᠳᠡᠢ᠃ |